ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠤᠯᠠᠭᠠᠨᠴᠠᠪ ᠬᠤᠳᠠᠨ ᠳᠤ ᠲᠤᠰᠬᠠᠢ ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠴᠤ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/9/18
    9 ᠳ᠋ᠤᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ  ᠤᠨ ᠲᠤᠰᠬᠠᠢ ᠠᠩᠭᠢ ᠶᠢᠨ ᠳᠡᠳ᠋ ᠬᠤᠷᠠᠯᠳᠤᠭᠤᠯᠤᠭᠴᠢ ᠢᠦᠢ ᠰᠢᠨ ᠹᠠᠩ ᠨᠠᠷ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ ᠬᠦᠷᠴᠦ ᠲᠤᠰᠬᠠᠢ ᠴᠡᠭᠴᠡᠯᠡᠨ ᠵᠠᠰᠠᠬᠤ ᠠᠵᠢᠯ ᠢ ᠬᠢᠨᠠᠨ ᠵᠢᠯᠤᠭᠤᠳᠴᠤ ᠰᠢᠮᠳᠠᠭᠤᠯᠤᠨ ᠪᠠᠶᠢᠴᠠᠭᠠᠪᠠ᠃
640.jpg
    ᠰᠢᠮᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ᠂ ᠵᠤᠤᠬ᠎ᠠ᠂ ᠰᠢᠲᠠᠮᠠᠬᠠᠢ ᠬᠡᠢ ᠶᠢᠨ ᠪᠠᠭᠠᠵᠢ ᠶᠢ ᠪᠣᠷᠣᠯᠠᠭᠤᠯᠬᠤ᠂ ᠢᠳᠡᠭᠡᠨ ᠤᠮᠳᠠᠭᠠᠨ ᠤ ᠨᠢᠭᠡᠴᠢ ᠶᠢᠨ ᠬᠡᠢ ᠬᠡᠷᠡᠭᠯᠡᠬᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ ᠤᠨ ᠬᠡᠷᠡᠭᠯᠡᠯᠲᠡ᠂ ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃    ᠰᠢᠮᠳᠠᠭᠤᠯᠤᠨ ᠵᠢᠯᠤᠭᠤᠳᠬᠤ ᠳᠤᠭᠤᠶᠢᠯᠠᠩ ᠠᠴᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠡᠷᠦᠬᠡ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠯᠣᠩᠬᠤ ᠪᠦᠷᠢ ᠳᠤ ᠠᠮᠤᠷ ᠲᠦᠪᠰᠢᠨ ᠤ ᠪᠠᠶᠢᠴᠠᠭᠠᠯᠲᠠ ᠬᠢᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠢᠭᠡᠳᠦᠭᠡᠷ ᠹᠷᠣᠨᠲ ᠤᠨ ᠵᠢᠭᠰᠠᠭᠠᠨ ᠪᠠᠶᠢᠴᠠᠭᠠᠬᠤ ᠠᠵᠢᠯᠲᠠᠨ ᠤ ᠲᠤᠰᠬᠠᠢ ᠮᠡᠷᠭᠡᠵᠢᠯ ᠤᠨ ᠮᠡᠳᠡᠯᠭᠡ ᠪᠠ ᠰᠢᠲᠠᠮᠠᠬᠠᠢ ᠬᠡᠢ ᠶᠢᠨ ᠠᠮᠤᠷ ᠲᠦᠪᠰᠢᠨ  ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ ᠤᠨ ᠠᠵᠢᠯᠯᠠᠭᠤᠯᠵᠤ ᠬᠡᠷᠡᠭᠯᠡᠬᠦ ᠪᠣᠯᠪᠠᠰᠤᠷᠠᠭᠤᠯᠤᠯ ᠢ ᠴᠢᠩᠭᠠᠳᠬᠠᠵᠤ᠂ ᠪᠣᠯᠪᠠᠰᠤᠷᠠᠭᠤᠯᠤᠯ ᠢ ᠳᠠᠮᠵᠢᠬᠤ ᠦᠭᠡᠢ ᠪᠣᠯ ᠠᠵᠢᠯ ᠤᠨ ᠪᠠᠶᠢᠷᠢ ᠳᠤ ᠭᠠᠷᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠣᠯᠠᠨ ᠰᠠᠯᠠᠭ᠎ᠠ ᠮᠥᠴᠢᠷ ᠬᠠᠮᠲᠤᠷᠠᠨ ᠵᠢᠭᠰᠠᠭᠠᠨ ᠪᠠᠶᠢᠴᠠᠭᠠᠬᠤ ᠰᠢᠰᠲ᠋ᠧᠮ ᠢ ᠪᠥᠬᠦ ᠲᠠᠯ᠎ᠠ ᠪᠠᠷ ᠬᠡᠷᠡᠭᠯᠡᠨ ᠰᠢᠲᠠᠮᠠᠬᠠᠢ ᠬᠡᠢ ᠶᠢᠨ ᠡᠵᠡᠩᠨᠡᠯᠲᠡ ᠬᠡᠷᠡᠭᠯᠡᠯᠲᠡ ᠶᠢᠨ ᠴᠡᠭ ᠪᠠᠶᠢᠷᠢ ᠳᠤ ᠵᠢᠭᠰᠠᠭᠠᠨ ᠣᠷᠣᠭᠤᠯᠵᠤ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠭᠦᠨᠵᠡᠭᠡᠢ ᠰᠤᠳᠤᠯᠵᠤ᠂ ᠦᠨᠡᠨᠬᠦ ᠶᠠᠪᠤᠭᠳᠠᠭᠤᠰᠢᠲᠠᠢ ᠴᠡᠭᠴᠡᠯᠡᠨ ᠰᠠᠶᠢᠵᠢᠷᠠᠭᠤᠯᠬᠤ ᠲᠥᠰᠥᠯ ᠭᠠᠷᠭᠠᠵᠤ᠂ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠬᠤᠲᠠ ᠶᠢᠨ ᠬᠠᠮᠢᠶᠠᠷᠤᠯᠲᠠ ᠶᠢᠨ ᠭᠠᠵᠠᠷ