ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠦᠬᠡᠬᠤᠳᠡ ᠳᠤ ᠤᠯᠤᠰ ᠤᠨ ᠠᠩᠬᠠᠳᠠᠭᠴᠢ ᠪᠦᠯᠦᠭ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/19
    9 ᠳ᠋ᠤᠭᠡᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠦ᠂ ᠮᠠᠨ ᠤ ᠣᠷᠣᠨ ᠤ ᠬᠥᠬᠡᠬᠤᠲᠠ ᠳᠤ ᠬᠦᠷᠴᠦ ᠤᠯᠤᠰ ᠤᠨ ᠨᠢᠭᠡᠳᠦᠭᠡᠷ ᠪᠦᠯᠦᠭ ᠤᠨ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠠᠵᠢᠯ ᠢ ᠪᠠᠶᠢᠴᠠᠭᠠᠨ ᠰᠤᠳᠤᠯᠵᠠᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
1.png
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠣᠷᠭᠠᠨ ᠵᠠᠮ ᠤᠨ ᠴᠡᠴᠡᠷᠯᠢᠭ᠂ ᠢᠦᠢ ᠴᠢᠤᠸᠠᠨ ᠲᠣᠭᠤᠷᠢᠭ ᠤᠨ ᠣᠨᠢᠰᠤ ᠦᠢᠯᠡᠳᠬᠦ ᠦᠢᠯᠡᠳᠪᠦᠷᠢ ᠶᠢᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ᠂ ᠰᠠᠶᠢᠱᠠᠩ ᠬᠠᠭᠤᠴᠢᠨ ᠵᠡᠭᠡᠯᠢ — ᠶᠡᠭᠡ ᠵᠤᠤ ᠲᠡᠦᠬᠡ ᠰᠣᠶᠣᠯ ᠤᠨ ᠵᠡᠭᠡᠯᠢ ᠲᠣᠭᠤᠷᠢᠭ᠂ ᠬᠤᠳᠤᠩ ᠠᠷᠠᠳ ᠤᠨ ᠲᠣᠭᠤᠷᠢᠭ ᠤᠨ ᠬᠥᠬᠡᠬᠤᠲᠠ ᠶᠢᠨ ᠪᠣᠯᠣᠳ ᠲᠡᠮᠦᠷ ᠤᠨ ᠪᠠᠭ᠎ᠠ ᠲᠣᠭᠤᠷᠢᠭ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠳᠡᠭᠡᠳᠦ ᠰᠤᠷᠭᠠᠭᠤᠯᠢ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠥᠬᠡᠬᠤᠲᠠ ᠶᠢᠨ ᠬᠠᠷᠮᠠᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠲᠡᠦᠬᠡ ᠰᠣᠶᠣᠯ ᠤᠨ ᠪᠠᠷᠢᠯᠭ᠎ᠠ ᠪᠠ ᠵᠡᠭᠡᠯᠢ ᠲᠣᠭᠤᠷᠢᠭ ᠤᠨ ᠠᠮᠢᠳᠤᠯᠢᠭ ᠠᠰᠢᠭᠯᠠᠯᠲᠠ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠠᠵᠤ ᠦᠢᠯᠡᠳᠪᠦᠷᠢ ᠶᠢᠨ ᠪᠠᠭᠤᠷᠢ ᠶᠢᠨ ᠠᠮᠢᠳᠤᠯᠢᠭ ᠠᠰᠢᠭᠯᠠᠯᠲᠠ ᠵᠡᠷᠭᠡ ᠲᠠᠯ᠎ᠠ ᠶᠢᠨ ᠠᠵᠢᠯ ᠢ ᠨᠠᠷᠢᠨ ᠣᠶᠢᠯᠠᠭᠠᠬᠤ ᠶᠢᠨ ᠬᠠᠮᠲᠤ᠂ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠶᠠᠷᠢᠯᠴᠠᠬᠤ ᠬᠤᠷᠠᠯ ᠬᠤᠷᠯᠳᠤᠭᠤᠯᠪᠠ᠃
2.png
    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠣᠰ ᠲᠣᠰ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ 2021 ᠣᠨ ᠠᠴᠠ ᠤᠯᠤᠰ ᠤᠨ ᠨᠢᠭᠡᠳᠦᠭᠡᠷ ᠪᠦᠯᠦᠭ ᠤᠨ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠬᠥᠬᠡᠬᠤᠲᠠ ᠨᠢᠭᠡᠨᠲᠡ ᠡᠳ᠋ ᠤᠨ ᠵᠠᠰᠠᠭ ᠤᠨ ᠪᠡᠯᠡ ᠮᠥᠩᠭᠦ᠂ ᠨᠡᠶᠢᠭᠡᠮ ᠤᠨ ᠪᠡᠯᠡ ᠮᠥᠩᠭᠦ ᠶᠢᠨ ᠪᠥᠬᠦ ᠲᠤᠭ᠎ᠠ 1000 ᠳ᠋ᠦᠩᠰᠢᠭᠤᠷ ᠲᠥᠭᠦᠷᠢᠭ  ᠢ ᠲᠠᠪᠠᠵᠦ᠂ 725 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ 486 ᠬᠠᠷᠮᠠᠨ ᠴᠡᠴᠡᠷᠯᠢᠭ ᠪᠠ 529 ᠺᠢᠯᠣᠮᠧᠲᠷ ᠤᠨ ᠬᠤᠲᠠ ᠶᠢᠨ ᠨᠣᠭᠤᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠦᠨ ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠮᠠᠨ ᠤ ᠣᠷᠣᠨ ᠤ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ᠂ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠷᠰᠢᠯᠲᠠ ᠶᠢᠨ ᠴᠡᠭ ᠤᠨ ᠬᠤᠲᠠ ᠶᠢᠨ ᠲᠣᠰ ᠪᠡᠶ᠎ᠡ ᠶᠢᠨ ᠣᠨᠴᠠᠯᠢᠭ ᠢᠶᠠᠨ ᠦᠷᠭᠦᠯᠵᠢᠯᠡᠨ ᠠᠭᠤᠳᠠᠯᠵᠤ᠂ ᠬᠡᠮᠵᠢᠶᠡᠵᠢᠭᠦᠯᠵᠦ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠬᠤᠲᠠ ᠶᠢ ᠨᠠᠩ ᠦᠵᠡᠰᠬᠦᠯᠡᠩᠲᠦ ᠰᠠᠶᠢᠬᠠᠨ ᠨᠠᠩ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠨ᠎ᠠ ᠭᠡᠵᠦ ᠢᠯᠡᠷᠬᠡᠶᠢᠯᠡᠪᠡ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠪᠦᠳ᠋᠊