9 ᠳ᠋ᠤᠭᠡᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ | ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠶᠢᠨ ᠳᠡᠳ᠋ ᠬᠤᠷᠠᠯᠳᠤᠭᠤᠯᠤᠭᠴᠢ ᠢᠦᠢ ᠰᠢᠨ ᠹᠠᠩ ᠨᠠᠷ ᠬᠥᠬᠡᠬᠤᠲᠠ ᠶᠢᠨ ᠰᠠᠶᠢᠬᠠᠨ | ᠲᠣᠭᠤᠷᠢᠭ ᠲᠤ ᠬᠦᠷᠴᠦ ᠲᠤᠰᠬᠠᠢ ᠴᠡᠭᠴᠡᠯᠡᠨ ᠵᠠᠰᠠᠬᠤ ᠠᠵᠢᠯ ᠢ ᠰᠢᠮᠳᠠᠭᠤᠯᠤᠨ ᠪᠠᠶᠢᠴᠠᠭᠠᠪᠠ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠰᠢᠲᠠᠮᠠᠬᠠᠢ ᠬᠡᠢ ᠶᠢᠨ ᠡᠵᠡᠩᠨᠡᠯᠲᠡᠶᠢᠨ ᠠᠵᠤ ᠠᠬᠤᠶᠢᠯᠠᠯ ᠤᠨ ᠡᠵᠡᠩᠨᠡᠯᠲᠡ᠂ ᠢᠳᠡᠭᠡᠨ ᠤᠮᠳᠠᠭᠠᠨ ᠤ | ᠨᠢᠭᠡᠴᠢ ᠶᠢᠨ ᠰᠢᠲᠠᠮᠠᠬᠠᠢ ᠬᠡᠢ ᠬᠡᠷᠡᠭᠯᠡᠬᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ ᠤᠨ ᠬᠡᠷᠡᠭᠯᠡᠯᠲᠡ᠂ | ᠳᠠᠯᠳᠠ ᠬᠡᠮ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠭᠤᠣᠯᠳᠠᠯᠭ᠎ᠠ ᠲᠠᠢ ᠪᠠᠷ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ | ᠰᠢᠰᠲ᠋ᠧᠮ ᠤᠨ ᠮᠡᠳᠡᠭᠡ ᠵᠠᠩᠭᠢ ᠣᠷᠣᠭᠤᠯᠬᠤ᠂ ᠳᠠᠯᠳᠠ ᠬᠡᠮ ᠤᠨ ᠠᠰᠠᠭᠤᠳᠠᠯ ᠢ ᠲᠣᠭᠲᠠᠭᠠᠬᠤ ᠵᠢᠴᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠳᠤ | ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠬᠢᠵᠡᠢ᠃ | | | | | | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠬᠡᠶᠢᠲᠦ ᠰᠠᠪᠠ ᠶᠢᠨ ᠬᠠᠮᠢᠶᠠᠷᠤᠯᠲᠠ ᠪᠠ ᠬᠡᠷᠡᠭᠯᠡᠭᠴᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠢ᠃ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠣᠯᠪᠠᠰᠤᠷᠠᠭᠤᠯᠬᠤ ᠦᠭᠡᠢ ᠪᠣᠯ ᠠᠵᠢᠯ ᠤᠨ | ᠪᠠᠶᠢᠷᠢ ᠳᠤ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠭᠰᠠᠨ ᠪᠠᠶᠢᠴᠠᠭᠠᠬᠤ | ᠳᠤᠭᠤᠶᠢᠯᠠᠩ ᠪᠠᠶᠢᠭᠤᠯᠵᠤ ᠰᠢᠲᠠᠮᠠᠬᠠᠢ ᠬᠡᠢ ᠶᠢᠨ ᠡᠵᠡᠩᠨᠡᠯᠲᠡ ᠶᠢᠨ ᠴᠡᠭ ᠪᠠᠶᠢᠷᠢ ᠳᠤ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠢ | ᠨᠠᠷᠢᠨ ᠬᠢᠨᠠᠮᠠᠭᠠᠢ ᠵᠠᠳᠠᠯᠤᠨ ᠰᠤᠳᠤᠯᠤᠨ ᠮᠠᠭᠠᠳᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠠᠳᠠᠯᠤᠨ ᠨᠠᠷᠢᠯᠢᠭᠵᠢᠭᠤᠯᠵᠤ᠂ ᠲᠤᠰᠬᠠᠢ ᠴᠡᠭᠴᠡᠯᠡᠨ | ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | |