ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠡᠷ ᠪᠠᠶᠢᠰᠢᠩ ᠤᠨ ᠬᠥᠳᠡᠯᠦᠩᠭᠦᠢ ᠬᠢᠨᠠᠨ ᠬᠡᠮᠵᠢᠬᠦ ᠲᠥᠷᠥᠯ ᠵᠦᠢᠯ ᠢ ᠤᠷᠢᠳᠠᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/9/20
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ︽ᠪᠥᠬᠦ ᠤᠯᠤᠰ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠠᠢ ᠬᠠᠮᠲᠤᠷᠠᠨ ᠥᠪᠡᠰᠦᠪᠡᠨ ᠪᠠᠷᠢᠭᠰᠠᠨ ᠭᠡᠷ ᠪᠠᠶᠢᠰᠢᠩ ᠪᠠ ᠬᠤᠲᠠ ᠶᠢᠨ ᠬᠠᠭᠤᠴᠢᠨ ᠬᠤᠲᠠ ᠲᠣᠭᠤᠷᠢᠭ ᠤᠨ ᠬᠠᠭᠤᠴᠢᠨ ᠪᠠᠷᠢᠯᠭ᠎ᠠ ᠶᠢᠨ ᠠᠮᠤᠷ ᠲᠦᠪᠰᠢᠨ ᠤ ᠲᠣᠭᠤᠷᠢᠨ ᠳᠤ᠂ ᠠᠶᠤᠯ ᠲᠠᠢ ᠭᠡᠷ ᠪᠠᠶᠢᠰᠢᠩ ᠢ ᠬᠥᠳᠡᠯᠦᠩᠭᠦᠢ ᠬᠢᠨᠠᠨ ᠬᠡᠮᠵᠢᠬᠦ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠠᠵᠢᠯ ᠤᠨ ᠰᠤᠳᠤᠯᠠᠭ᠎ᠠ ᠥᠷᠨᠢᠭᠦᠯᠵᠦ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠬᠠᠭᠤᠴᠢᠨ ᠬᠤᠲᠠ ᠶᠢᠨ ᠲᠣᠭᠤᠷᠢᠭ ᠢ D ᠲᠠᠰ ᠤᠨ ᠠᠶᠤᠯ ᠲᠠᠢ ᠭᠡᠷ ᠪᠠᠶᠢᠰᠢᠩ ᠢᠶᠠᠷ ᠰᠢᠭᠰᠢᠨ ᠰᠣᠩᠭᠤᠵᠤ᠂ ᠬᠥᠳᠡᠯᠦᠩᠭᠦᠢ ᠬᠢᠨᠠᠨ ᠬᠡᠮᠵᠢᠬᠦ ᠲᠥᠷᠥᠯ ᠵᠦᠢᠯ ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠥᠷᠨᠢᠭᠦᠯᠪᠡ᠃    ᠤᠯᠠᠭᠠᠨᠬᠠᠳᠠ ᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠶᠢᠨ ᠬᠠᠮᠤᠭ ᠤᠨ ᠲᠣᠮᠣ ᠬᠤᠲᠠ ᠪᠣᠯᠣᠨ᠎ᠠ᠂ ᠬᠤᠩᠱᠠᠨ ᠲᠣᠭᠤᠷᠢᠭ ᠤᠨ ᠬᠠᠭᠤᠴᠢᠨ ᠬᠤᠳᠠ ᠶᠢᠨ ᠲᠣᠭᠤᠷᠢᠭ ᠤᠨ ᠭᠡᠷ ᠪᠠᠶᠢᠰᠢᠩ ᠤᠨ ᠣᠯᠠᠩᠬᠢ ᠶᠢ ᠨᠢ ᠳᠡᠭᠡᠷ᠎ᠡ ᠵᠠᠭᠤᠨ ᠤ ᠲᠠᠯᠠ ᠨᠠᠶᠠᠭᠠᠳ ᠣᠨ ᠤ ᠦᠶ᠎ᠡ ᠳᠤ ᠪᠠᠶᠢᠭᠤᠯᠵᠤ᠂ ᠪᠦᠲᠦᠴᠡ  ᠨᠢ ᠲᠣᠭᠤᠰᠬ᠎ᠠ ᠮᠣᠳᠣ ᠪᠠᠷ ᠤᠯᠠᠨ ᠂ ᠲᠤᠬᠠᠢ ᠶᠢᠨ ᠦᠶ᠎ᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠬᠤᠯᠪᠣᠭᠳᠠᠯ ᠪᠦᠬᠦᠢ ᠨᠥᠬᠦᠴᠡᠯ ᠳᠤ ᠬᠢᠵᠠᠭᠠᠷᠯᠠᠭᠳᠠᠵᠤ᠂ ᠡᠭᠦᠨ ᠤ ᠳᠡᠭᠡᠷ᠎ᠡ ᠬᠡᠰᠡᠭ ᠭᠡᠷ ᠪᠠᠶᠢᠰᠢᠩ ᠨᠢ ᠵᠢᠷᠤᠭ ᠲᠦᠯᠦᠪᠵᠢᠭᠦᠯᠦᠯᠭᠡ ᠶᠢᠨ ᠵᠢᠯ ᠬᠤᠭᠤᠴᠠᠭ᠎ᠠ ᠤᠶᠢᠷᠠᠳᠤᠭᠰᠠᠨ᠂ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠬᠠᠭᠤᠴᠢᠷᠠᠭᠰᠠᠨ᠂ ᠪᠦᠲᠦᠴᠡ ᠶᠢᠨ ᠲᠣᠨᠣᠭᠯᠠᠭᠠᠰᠤ ᠶᠢᠨ ᠳᠠᠭᠠᠭᠠᠴᠠ ᠶᠢᠨ ᠴᠢᠳᠠᠪᠤᠷᠢ ᠪᠠᠭᠤᠷᠠᠭᠰᠠᠨ ᠵᠡᠷᠭᠡ ᠠᠰᠠᠭᠤᠳᠠᠯ  ᠨᠢ ᠭᠡᠷ ᠪᠠᠶᠢᠰᠢᠩ ᠤᠨ ᠠᠮᠤᠷ ᠲᠦᠪᠰᠢᠨ ᠢ ᠨᠥᠯᠥᠭᠡᠯᠡᠬᠦ ᠬᠦᠴᠦᠨ ᠵᠦᠢᠯ ᠪᠣᠯᠤᠭᠰᠠᠨ ᠪᠠᠶᠢᠨ᠎ᠠ᠃ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠷ ᠳᠡᠮᠵᠢᠨ᠂ 2023 ᠣᠨ ᠤ 8 ᠳ᠋ᠤᠭᠠᠷ ᠰᠠᠷ᠎ᠠ ᠳᠤ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ 6 ᠠᠶᠤᠯᠲᠠᠢ ᠭᠡᠷ ᠪᠠᠶᠢᠰᠢᠩ ︵ᠡᠭᠦᠨ ᠳᠤ᠂ ᠦᠪᠡᠰᠤᠪᠠᠨ ᠪᠠᠷᠢᠭᠰᠠᠨ 2 ᠭᠡᠷ ᠪᠠᠶᠢᠰᠢᠩ᠂ ᠪᠤᠰᠤᠳ 4 ᠭᠡᠷ ᠪᠠᠶᠢᠰᠢᠩ︶ ᠲᠤ ᠬᠥᠳᠡᠯᠦᠩᠭᠦᠢ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠵᠤ᠂ ᠭᠡᠷ ᠪᠠᠶᠢᠰᠢᠩ ᠤᠨ ᠠᠮᠤᠷ ᠲᠦᠪᠰᠢᠨ ᠤ ᠬᠥᠳᠡᠯᠦᠩᠭᠦᠢ ᠬᠢᠨᠠᠨ ᠬᠡᠮᠵᠢᠯᠲᠡ ᠬᠢᠯᠭᠡᠬᠦ ᠪᠠᠷ ᠰᠣᠩᠭᠤᠨ ᠲᠣᠭᠲᠠᠭᠠᠪᠠ᠃    ᠬᠥᠳᠡᠯᠦᠩᠭᠦᠢ ᠬᠢᠨᠠᠨ ᠬᠡᠮᠵᠢᠬᠦ ᠬᠤᠭᠤᠴᠠᠭᠠᠨ ᠳᠤ᠂ ᠭᠡᠷ ᠪᠠᠶᠢᠰᠢᠩ ᠤᠨ ᠲᠦᠭᠰᠢᠭᠦᠷᠢ ᠶᠢᠨ ᠲᠥᠷᠥᠯ ᠢᠯᠭᠠᠯ ᠢ ᠦᠨᠳᠦᠰᠦᠯᠡᠨ᠂ ᠬᠠᠷᠠᠭᠠᠯᠵᠠᠭᠰᠠᠨ ᠬᠢᠨᠠᠨ ᠬᠡᠮᠵᠢᠬᠦ ᠲᠥᠬᠦᠭᠡᠷᠦᠮᠵᠢ ᠶᠢ ᠴᠢᠭᠯᠡᠯᠳᠦ ᠴᠢᠨᠠᠷᠲᠠᠢ ᠪᠠᠷ ᠰᠣᠩᠭᠤᠨ ᠠᠪᠴᠤ᠂ ᠭᠡᠷ ᠪᠠᠶᠢᠰᠢᠩ ᠤᠨ ᠠᠮᠤᠷ ᠲᠦᠪᠰᠢᠨ ᠢ ᠬᠢᠨᠠᠨ ᠬᠡᠮᠵᠢᠬᠦ ᠰᠢᠰᠲ᠋ᠧᠮ ᠢ ᠪᠠᠶᠢᠷᠢᠯᠠᠭᠤᠯᠵᠤ᠂ ᠭᠡᠷ ᠪᠠᠶᠢᠰᠢᠩ ᠤᠨ ᠬᠠᠵᠠᠭᠤ ᠲᠡᠰᠢ ᠬᠡᠯᠪᠡᠶᠢᠬᠦ᠂ ᠠᠩ ᠭᠠᠷᠬᠤ᠂ ᠰᠠᠭᠤᠭᠳᠠᠬᠤ ᠵᠡᠷᠭᠡ ᠭᠦᠢᠴᠡᠳᠬᠡᠯ ᠲᠤᠭ᠎ᠠ ᠶᠢ ᠨᠠᠷᠢᠯᠢᠭ ᠣᠨᠣᠴᠠᠲᠠᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠪᠡ᠃    ᠣᠶᠢᠷ᠎ᠠ ᠶᠢᠨ ᠬᠤᠭᠤᠴᠠᠭᠠᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠠᠴᠠ ᠦᠵᠡᠪᠡᠯ᠂ ︽ᠨᠢᠭᠡᠳᠤᠭᠡᠷ ᠪᠦᠳᠦᠭᠡᠨ ᠪᠠᠶᠢᠭᠤᠯᠤᠯᠳᠠ ᠶᠢᠨ ᠺᠤᠮᠫᠠᠨᠢ ᠶᠢᠨ ᠬᠤᠶᠠᠳᠤᠭᠠᠷ ᠨᠣᠮᠧᠷᠲᠤ ᠠᠰᠠᠷ︾  ᠤᠨ ᠠᠩ ᠴᠠᠪᠠ ᠶᠢᠨ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠥᠷᠭᠡᠳᠬᠦ ᠬᠠᠨᠳᠤᠰᠢ ᠲᠠᠢ ᠪᠠᠶᠢᠵᠤ᠂ ᠪᠤᠰᠤᠳ ᠬᠢᠨᠠᠨ ᠬᠡᠮᠵᠢᠯᠲᠡ ᠶᠢᠨ ᠭᠡᠷ ᠪᠠᠶᠢᠰᠢᠩ ᠤᠨ ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠦᠷᠭᠦᠯᠵᠢᠯᠡᠨ ᠲᠣᠭᠲᠠᠭᠤᠨ ᠪᠠᠶᠢᠨ᠎ᠠ᠃ ᠲᠤᠭ᠎ᠠ ᠪᠠᠷᠢᠮᠲᠠ ᠶᠢᠨ ᠬᠤᠪᠢᠷᠠᠯᠲᠠ ᠶᠢᠨ ᠪᠠᠶᠢᠳᠠᠯ ᠳᠤ ᠴᠢᠭᠯᠡᠭᠦᠯᠦᠨ᠂ ᠨᠠᠷᠢᠨ ᠨᠢᠭᠲᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠬᠤᠪᠢᠷᠠᠯᠲᠠ ᠶᠢᠨ ᠬᠠᠨᠳᠤᠰᠢ ᠶᠢᠨ ᠵᠢᠷᠤᠭ ᠢ ᠠᠶᠠᠨᠳᠠᠭᠠᠨ ᠪᠣᠶ ᠪᠣᠯᠭᠠᠵᠤ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠡᠷ ᠪᠠᠶᠢᠰᠢᠩ ᠤᠨ ᠠᠮᠤᠷ ᠲᠦᠪᠰᠢᠨ  ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠳᠤ ᠨᠠᠷᠢᠯᠢᠭ ᠣᠨᠣᠴᠠᠲᠠᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠪᠣᠯᠣᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ