9 ᠳ᠋ᠤᠭᠡᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ 2023 ᠣᠨ ᠤ ᠭᠠᠯ ᠤᠨᠲᠠᠷᠠᠭᠠᠬᠤ ᠬᠢᠨᠠᠨ ᠰᠢᠯᠭᠠᠯᠲᠠ ᠶᠢᠨ ᠦᠯᠡᠳᠡᠭᠳᠡᠯ ᠲᠥᠷᠥᠯ ᠵᠦᠢᠯ ᠤᠨ | ᠲᠤᠰᠬᠠᠢ ᠴᠡᠭᠴᠡᠯᠡᠨ ᠵᠠᠰᠠᠯᠲᠠ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | ᠬᠤᠷᠠᠯ ᠠᠴᠠ ᠪᠦᠬᠦ ᠣᠷᠣᠨ ᠤ 2023 ᠣᠨ ᠤ ᠭᠠᠯ ᠤᠨᠲᠠᠷᠠᠭᠠᠬᠤ ᠬᠢᠨᠠᠨ ᠰᠢᠯᠭᠠᠯᠲᠠ ᠶᠢᠨ ᠦᠯᠡᠳᠡᠭᠳᠡᠯ ᠲᠦᠷᠦᠯ ᠵᠦᠢᠯ ᠤᠨ ᠲᠤᠰᠬᠠᠢ ᠴᠡᠭᠴᠡᠯᠡᠨ | ᠵᠠᠰᠠᠯᠲᠠ ᠶᠢᠨ ᠪᠠᠶᠢᠳᠠᠯ ᠢ ᠮᠡᠳᠡᠭᠳᠡᠵᠦ᠂ ᠣᠷᠳᠣᠰ ᠬᠤᠳᠠ᠂ ᠰᠢᠯᠢ ᠶᠢᠨ ᠭᠤᠣᠯ ᠠᠶᠢᠮᠠᠭ ᠨᠡᠶᠢᠲᠡᠯᠢᠭ ᠴᠢᠨᠠᠷᠲᠠᠢ ᠰᠣᠯᠢᠯᠴᠠᠭᠠᠨ ᠤ ᠶᠠᠷᠢᠶ᠎ᠠ ᠲᠠᠯᠪᠢᠵᠤ᠂ ᠬᠥᠯᠥᠨ | ᠪᠤᠶᠢᠷ ᠬᠤᠳᠠ᠂ ᠠᠯᠠᠱᠠ ᠠᠶᠢᠮᠠᠭ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠬᠢᠨᠠᠨ ᠰᠢᠯᠭᠠᠯᠲᠠ ᠶᠢᠨ ᠦᠯᠡᠳᠡᠭᠳᠡᠯ ᠲᠥᠷᠥᠯ ᠵᠦᠢᠯ ᠢ | ᠴᠡᠭᠴᠡᠯᠡᠨ ᠵᠠᠰᠠᠬᠤ ᠠᠵᠢᠯ ᠤᠨ ᠣᠳᠣᠬᠠᠨ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠬᠤ ᠬᠡᠷᠡᠭᠲᠡᠢ᠃ ᠥᠨᠳᠥᠷ ᠪᠠᠷᠢᠮᠵᠢᠶ᠎ᠠ ᠪᠠᠷ | ᠪᠠᠶᠢᠷᠢ ᠲᠣᠭᠲᠠᠭᠠᠵᠤ ᠪᠣᠳᠠᠲᠤ ᠦᠷ᠎ᠡ ᠪᠦᠲᠦᠮᠵᠢ ᠣᠯᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠨᠠᠷᠢᠨ ᠲᠠᠩᠰᠠ ᠶᠢᠨ ᠲᠥᠷᠥᠯ | ᠵᠦᠢᠯ ᠤᠨ ᠠᠰᠠᠭᠤᠳᠠᠯ ᠢ ᠡᠮᠬᠢᠯᠡᠨ ᠢᠯᠭᠠᠷᠠᠭᠤᠯᠬᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠳᠡᠭᠡᠷ᠎ᠡ ᠬᠦᠴᠦ ᠲᠠᠯᠪᠢᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠷᠢᠭᠦᠨ ᠤ ᠲᠤᠷᠰᠢᠯᠭ᠎ᠠ ᠶᠢ | ᠰᠤᠷᠤᠯᠴᠠᠬᠤ ᠶᠢᠨ ᠬᠠᠮᠲᠤ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠠᠵᠢᠯ ᠤᠨ ᠲᠣᠬᠢᠷᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠠᠶᠢᠨ ᠲᠤᠷᠰᠢᠯᠭ᠎ᠠ ᠵᠢᠴᠢ ᠠᠷᠭ᠎ᠠ ᠬᠢᠳᠡᠯ ᠢ ᠠᠭᠤᠳᠠᠯᠤᠨ | ᠲᠡᠯᠭᠡᠷᠡᠭᠦᠯᠦᠨ᠎ᠡ᠃ ᠠᠬᠢᠭᠤᠯᠤᠭᠰᠠᠨ ᠢᠶᠠᠷ ᠬᠦᠴᠦᠨ ᠦᠭᠡᠢ᠂ ᠠᠬᠢᠴᠠ ᠨᠢ ᠤᠳᠠᠭᠠᠨ ᠪᠠᠶᠢᠪᠠᠯ᠂ ᠮᠡᠳᠡᠭᠳᠡᠬᠦ ᠪᠤᠶᠤ ᠪᠣᠯᠵᠣᠨ ᠶᠠᠷᠢᠯᠴᠠᠵᠤ᠂ ᠢᠯᠠᠩᠭᠤᠶ᠎ᠠ ᠠᠵᠢᠯ ᠨᠢ | ᠬᠦᠴᠦᠨ ᠦᠭᠡᠢ ᠠᠴᠠ ᠪᠣᠯᠵᠤ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠡᠭᠦᠷᠭᠡᠯᠡᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠭᠠᠯ ᠤᠨᠲᠠᠷᠠᠭᠠᠬᠤ | ᠬᠢᠨᠠᠨ ᠰᠢᠯᠭᠠᠯᠲᠠ ᠶᠢᠨ ᠦᠯᠡᠳᠡᠭᠳᠡᠯ ᠲᠦᠷᠦᠯ ᠵᠦᠢᠯ ᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠨ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠪᠠ᠃ | |