9 ᠳ᠋ᠤᠭᠡᠷ ᠰᠠᠷ᠎ᠠ ᠶᠢᠨ 21 ᠤ ᠡᠳᠦᠷ᠂ ᠪᠥᠬᠦ ᠣᠷᠣᠨ ᠤ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠵᠢᠴᠢ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠪᠤᠭᠤᠲᠤ ᠬᠤᠲᠠ ᠳᠤ ᠬᠤᠷᠠᠯᠳᠤᠵᠤ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ | ᠥᠭᠡᠷᠡᠴᠢᠯᠡᠬᠦ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠭᠡᠯ ᠢ ᠲᠣᠭᠤᠷᠢᠨ ᠦᠵᠡᠵᠦ ᠰᠠᠨᠠᠯ ᠰᠣᠯᠢᠯᠴᠠᠨ᠂ ᠠᠵᠢᠯ ᠤᠨ | ᠲᠤᠷᠰᠢᠯᠭ᠎ᠠ ᠪᠠᠨ ᠳ᠋ᠦᠩᠨᠡᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠬᠠᠢ ᠴᠢᠤᠸᠠᠨ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ | ᠵᠠᠩ ᠾᠧ ᠬᠤᠷᠠᠯ ᠢ ᠡᠷᠭᠢᠯᠡᠪᠡ᠃ | | | | | | | | | | | | | | | | | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠷᠢᠳ ᠬᠤᠵᠢᠳ ᠴᠢᠩᠱᠠᠨ ᠲᠣᠭᠤᠷᠢᠭ ᠤᠨ ᠸᠠᠨ ᠵᠢᠶᠦ᠋ᠨ ᠤ ᠳᠠᠶᠢᠳᠤ ᠵᠢᠵᠢᠭ ᠲᠣᠭᠤᠷᠢᠭ᠂ ᠴᠢᠯᠦᠭᠡᠲᠦ | ᠵᠠᠮ ᠤᠨ 2 ᠬᠥᠷᠰᠢ ᠵᠡᠷᠭᠡᠯᠡᠳᠡᠭᠡ᠂ ᠬᠦᠨᠳᠡᠯᠡᠨ ᠲᠣᠭᠤᠷᠢᠭ ᠤᠨ ᠬᠤᠪᠢᠰᠬᠠᠯᠳᠦ ᠠᠳᠠᠯ ᠠᠬᠤᠢ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠨᠥᠬᠦᠷᠯᠡᠯ | 19 ᠬᠥᠷᠰᠢ ᠵᠡᠷᠭᠡᠯᠡᠳᠡᠭᠡ ᠵᠡᠷᠭᠡ ᠭᠠᠵᠠᠷ ᠲᠤ ᠬᠦᠷᠴᠦ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠪᠦᠷᠢᠨ ᠪᠦᠲᠦᠨ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠬᠤᠪᠢᠰᠬᠠᠯᠳᠦ ᠠᠳᠠᠯ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠠᠬᠤᠢ ᠲᠠᠯᠠᠪᠠᠢ ᠳᠤ | ᠲᠣᠭᠤᠷᠢᠨ ᠦᠵᠡᠪᠡ᠃ ᠬᠤᠷᠠᠯ ᠳᠡᠭᠡᠷ᠎ᠡ᠂ ᠬᠥᠬᠡᠬᠤᠲᠠ᠂ ᠪᠤᠭᠤᠲᠤ ᠬᠤᠳᠠ᠂ ᠦᠬᠠᠢ ᠬᠤᠳᠠ᠂ ᠪᠤᠭᠤᠲᠤ ᠬᠤᠳᠠ ᠶᠢᠨ ᠴᠢᠩᠱᠠᠨ ᠲᠣᠭᠤᠷᠢᠭ᠂ ᠬᠢᠩᠭᠠᠨ | ᠠᠶᠢᠮᠠᠭ ᠤᠨ ᠤᠯᠠᠭᠠᠨᠬᠤᠲᠠ᠂ ᠣᠷᠳᠣᠰ ᠬᠤᠳᠠ ᠶᠢᠨ ᠳ᠋ᠦᠩᠱᠧᠩ ᠲᠣᠭᠤᠷᠢᠭ᠂ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠲᠤᠰ ᠲᠤᠰ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠵᠠᠢ᠃ | | | | | | | | | | | | | | ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠥᠨᠳᠥᠷᠴᠡ ᠠᠴᠠ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠠ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠲᠠ ᠪᠠᠯᠭᠠᠰᠤᠨ ᠤ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ︽ᠠᠰᠠᠷ ᠤᠨ ᠬᠤᠩᠭᠢᠯ ᠤᠨ | ᠬᠤᠪᠢᠰᠬᠠᠯ︾ ︽ᠣᠷᠴᠢᠨ ᠲᠣᠭᠤᠷᠢᠨ ᠤ ᠬᠤᠪᠢᠰᠬᠠᠯ︾ ︽ᠬᠠᠮᠢᠶᠠᠷᠤᠯᠲᠠ ᠶᠢᠨ ᠬᠤᠪᠢᠰᠬᠠᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠠᠨ | ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠦᠨᠡᠨᠬᠦ ᠠᠳᠬᠤᠨ | ᠪᠣᠳᠠᠲᠠᠢ ᠪᠠᠷ ᠠᠵᠢᠯᠯᠠᠨ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠲᠦᠷᠭᠡᠳᠬᠡᠵᠦ᠂ ᠶᠠᠰᠤ ᠴᠢᠨᠠᠷ ᠢ | ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠲᠠᠰ | ᠳᠡᠪᠰᠢᠭᠦᠯᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠷᠠᠳ ᠣᠯᠠᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠵᠣᠯ ᠵᠢᠷᠭᠠᠯᠲᠤ ᠭᠡᠷ | ᠣᠷᠣᠨ ᠢ ᠴᠣᠭᠴᠠᠯᠠᠨ ᠪᠠᠶᠢᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠣᠷᠣᠨ | ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢ ᠨᠡᠶᠢᠳᠡᠮ ᠬᠠᠮᠤᠷᠬᠤ ᠶᠢ ᠠᠬᠢᠭᠤᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠣᠶᠤᠨᠴᠢᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠥᠮᠴᠢᠲᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ | ᠴᠢᠩᠭᠠᠷᠠᠭᠤᠯᠤᠨ᠎ᠠ ᠭᠡᠵᠦ ᠴᠢᠬᠤᠯᠠᠴᠢᠯᠠᠪᠠ᠃ | | | | | | | | | | | | | | | | ᠬᠤᠷᠠᠯ ᠠᠴᠠ᠂ ᠭᠤᠣᠯᠳᠠᠯᠭ᠎ᠠ ᠶᠢ ᠲᠤᠪᠤᠶᠢᠯᠭᠠᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ᠂ ᠣᠨ ᠤ | ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠠᠵᠢᠯ ᠤᠨ ᠠᠷᠭ᠎ᠠ | ᠬᠡᠮᠵᠢᠶ᠎ᠡ ᠪᠠᠨ ᠴᠢᠩᠭᠠᠷᠠᠭᠤᠯᠤᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ 2022 ᠣᠨ ᠤ ᠥᠭᠡᠷᠡᠴᠢᠯᠡᠨ ᠰᠢᠨᠡᠳᠬᠡᠬᠦ ᠲᠥᠷᠥᠯ | ᠵᠦᠢᠯ ᠤᠨ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠨ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠠᠴᠠ ᠡᠮᠦᠨ᠎ᠡ ᠪᠦᠬᠦᠨ ᠢ ᠳᠠᠭᠤᠰᠬᠠᠬᠤ ᠶᠢ ᠦᠨᠡᠨᠬᠦ | ᠪᠠᠲᠤᠯᠠᠬᠤ ᠬᠡᠷᠡᠭᠲᠡᠢ︔ 2023 ᠣᠨ ᠤ ᠥᠭᠡᠷᠡᠴᠢᠯᠡᠯᠲᠡ ᠶᠢᠨ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠳᠤ | ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠪᠠᠲᠤ ᠰᠠᠬᠢᠨ᠎ᠠ︔ 2024 | ᠣᠨ ᠤ ᠥᠭᠡᠷᠡᠴᠢᠯᠡᠯᠲᠡ ᠶᠢᠨ ᠲᠦᠷᠦᠯ ᠵᠦᠢᠯ ᠢ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠣᠬᠢᠷᠠᠭᠤᠯᠵᠤ᠂ ᠤᠯᠠᠨ ᠲᠦᠮᠡᠨ ᠤ ᠰᠠᠭᠤᠭᠠᠯᠢ ᠠᠷᠠᠳ ᠤᠨ | ᠬᠦᠰᠡᠯ ᠰᠠᠨᠠᠭ᠎ᠠ ᠶᠢ ᠠᠰᠠᠭᠤᠬᠤ᠂ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠬᠤ᠂ ᠲᠦᠷᠦᠯ ᠵᠦᠢᠯ ᠲᠣᠭᠲᠠᠭᠠᠵᠤ ᠬᠢᠨᠠᠨ ᠵᠥᠪᠰᠢᠶᠡᠷᠡᠬᠦ᠂ ᠥᠭᠡᠷᠡᠴᠢᠯᠡᠯᠲᠡ ᠶᠢᠨ | ᠪᠡᠯᠡ ᠮᠥᠩᠭᠦ ᠴᠤᠭᠯᠠᠭᠤᠯᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠡᠷᠲᠡ ᠠᠴᠠ ᠡᠬᠢᠯᠡᠭᠦᠯᠵᠦ᠂ ᠬᠤᠳᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠤᠨ | ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠶᠠᠷ ᠲᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠨ᠎ᠠ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠬᠦ᠂ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠰᠢᠨᠡᠳᠬᠡᠨ ᠥᠭᠡᠷᠡᠴᠢᠯᠡᠬᠦ᠂ ᠤᠮᠠᠷᠠᠲᠤ ᠣᠷᠣᠨ ᠤ ᠴᠡᠪᠡᠷ ᠡᠨᠧᠷᠭᠢ ᠶᠢᠨ ᠰᠤᠷᠪᠤᠯᠵᠢ ᠶᠢᠨ | ᠳᠤᠯᠠᠭᠠᠯᠠᠭ᠎ᠠ ᠶᠢᠨ ᠲᠤᠷᠰᠢᠯᠲᠠ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ᠂ ᠪᠦᠷᠢᠨ ᠪᠦᠲᠦᠨ ᠣᠷᠣᠰᠢᠨ ᠰᠠᠭᠤᠬᠤ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠳᠠᠭᠳᠠᠯ ᠢ ᠨᠥᠬᠦᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠵᠦ᠂ ᠭᠤᠣᠯ ᠴᠣᠭᠴᠠ ᠶᠢᠨ ᠪᠠᠷᠢᠯᠭ᠎ᠠ | ᠬᠢᠭᠡᠳ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠬᠠᠷᠢᠴᠠᠭ᠎ᠠ᠂ ᠴᠢᠳᠠᠮᠵᠢ ᠬᠢᠭᠡᠳ ᠪᠠᠷᠢᠯᠭ᠎ᠠ ᠶᠢᠨ ᠣᠨᠴᠠᠯᠢᠭ ᠤᠨ ᠬᠠᠷᠢᠴᠠᠭ᠎ᠠ᠂ ᠪᠠᠷᠢᠯᠭ᠎ᠠ ᠶᠢᠨ ᠲᠤᠰ ᠪᠡᠶ᠎ᠡ | ᠬᠢᠭᠡᠳ ᠡᠷᠭᠢᠨ ᠲᠣᠭᠤᠷᠢᠨ ᠤ ᠣᠷᠴᠢᠨ ᠲᠣᠭᠤᠷᠢᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠲᠦᠷᠦᠯ ᠵᠦᠢᠯ ᠢ ᠰᠢᠰᠲ᠋ᠧᠮ ᠲᠠᠢ | ᠲᠥᠯᠥᠪᠵᠢᠭᠦᠯᠵᠦ᠂ ᠥᠨᠳᠥᠷ ᠡᠬᠢᠯᠡᠯᠲᠡ ᠲᠠᠢ ᠪᠠᠷ ᠵᠢᠷᠤᠵᠤ ᠲᠥᠯᠥᠪᠯᠡᠬᠦ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠥᠨᠳᠥᠷ ᠲᠦᠪᠰᠢᠨ ᠢᠶᠠᠷ ᠬᠠᠮᠢᠶᠠᠷᠬᠤ᠂ | ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠶᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠠᠵᠢᠯ ᠳᠤ ᠢᠮᠠᠭᠲᠠ ᠲᠤᠤᠱᠯᠠᠭᠤᠯᠬᠤ ᠶᠢ | ᠦᠨᠡᠨᠬᠦ ᠪᠡᠶᠡᠯᠡᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠤᠯᠠᠨ ᠲᠦᠮᠡᠨ ᠤ ᠰᠡᠳᠬᠢᠯ ᠬᠠᠨᠤᠮᠵᠢᠲᠠᠢ ᠠᠷᠠᠳ ᠤᠨ ᠰᠡᠳᠬᠢᠯ ᠤᠨ ᠢᠨᠵᠧᠨᠧᠷᠢᠩ᠂ | ᠶᠠᠰᠤ ᠴᠢᠨᠠᠷ ᠢᠶᠠᠷ ᠰᠠᠶᠢᠨ ᠵᠠᠭᠤᠨ ᠵᠢᠯ ᠤᠨ ᠢᠨᠵᠧᠨᠧᠷᠢᠩ ᠪᠣᠯᠭᠠᠨ ᠥᠭᠡᠷᠡᠴᠢᠯᠡᠨ ᠪᠠᠶᠢᠭᠤᠯᠬᠤ ᠬᠡᠷᠡᠭᠲᠡᠢ᠃ ᠭᠤᠷᠪᠠ ᠳᠤ᠂ ᠰᠠᠭᠤᠭᠠᠯᠢ ᠠᠷᠠᠳ ᠤᠨ ᠣᠷᠣᠯᠴᠠᠬᠤ | ᠰᠠᠨᠠᠭᠠᠴᠢᠯᠠᠭᠠᠲᠤ ᠴᠢᠨᠠᠷ ᠢ ᠪᠠᠳᠠᠷᠠᠭᠤᠯᠤᠨ᠎ᠠ᠃ ᠰᠠᠭᠤᠭᠠᠯᠢ ᠠᠷᠠᠳ ᠤᠨ ᠲᠥᠯᠥᠭᠡᠯᠡᠭᠴᠢ ᠶᠢ ᠰᠠᠨᠠᠭᠠᠴᠢᠯᠠᠭ᠎ᠠ ᠠᠴᠠ ᠪᠠᠨ ᠤᠷᠢᠵᠤ ᠵᠢᠵᠢᠭ ᠲᠣᠭᠤᠷᠢᠭ ᠢ | ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠵᠣᠬᠢᠴᠠᠭᠤᠯᠬᠤ᠂ ᠬᠢᠨᠠᠯᠲᠠ ᠲᠠᠯᠪᠢᠬᠤ ᠳᠤ ᠬᠠᠮᠲᠤ ᠪᠠᠷ ᠣᠷᠣᠯᠴᠠᠭᠤᠯᠵᠤ᠂ ᠰᠠᠭᠤᠭᠠᠯᠢ ᠠᠷᠠᠳ ᠤᠨ ᠲᠤᠰᠬᠠᠭᠰᠠᠨ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠵᠢᠭ ᠲᠣᠭᠤᠷᠢᠭ ᠢ ᠥᠭᠡᠷᠡᠴᠢᠯᠡᠭᠰᠡᠨ ᠤ ᠳᠠᠷᠠᠭᠠᠬᠢ ᠬᠠᠮᠢᠶᠠᠷᠤᠯᠲᠠ ᠶᠢᠨ | ᠵᠠᠭᠪᠤᠷ ᠲᠤ ᠰᠢᠨ᠎ᠡ ᠶᠢ ᠡᠭᠦᠳᠦᠨ᠎ᠡ᠃ ᠨᠡᠶᠢᠲᠡᠯᠢᠭ ᠬᠡᠷᠡᠭ ᠤᠨ ᠵᠢᠱᠢᠶ᠎ᠡ᠂ ᠲᠤᠷᠰᠢᠯᠭ᠎ᠠ ᠪᠠ ᠠᠷᠭ᠎ᠠ ᠬᠢᠳᠡᠯ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠴᠠᠭ | ᠲᠤᠬᠠᠢ ᠳᠤᠨᠢ ᠡᠮᠬᠢᠯᠡᠵᠦ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠠᠮᠲᠤᠪᠠᠷ ᠴᠣᠭᠴᠠᠯᠠᠨ ᠪᠠᠶᠢᠭᠤᠯᠬᠤ︾ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠨᠡᠶᠢᠭᠡᠮ ᠢᠶᠠᠷ ᠢᠶᠠᠨ ᠥᠷᠭᠡᠨ ᠢᠶᠠᠷ ᠳᠡᠮᠵᠢᠭᠰᠡᠨ᠂ ᠤᠯᠠᠨ ᠲᠦᠮᠡᠨ ᠢᠳᠡᠪᠬᠢᠲᠡᠢ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ | ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ᠃ ᠳᠥᠷᠪᠡ ᠳᠤ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢᠨ ᠬᠠᠮᠲᠤ᠂ ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠤ ᠡᠳ᠋ ᠤᠨ | ᠬᠦᠴᠦᠨ ᠵᠥᠪᠰᠢᠶᠡᠷᠡᠭᠰᠡᠨ ᠤᠷᠢᠲᠠᠯ ᠳᠣᠣᠷ᠎ᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠲᠦᠯᠬᠢᠨ ᠠᠬᠢᠭᠤᠯᠵᠤ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ | ᠰᠠᠭᠤᠭᠠᠯᠢ ᠠᠷᠠᠳ ᠤᠨ ᠪᠡᠯᠡ ᠮᠥᠩᠭᠦ ᠭᠠᠷᠭᠠᠬᠤ ᠳᠤ ᠣᠷᠣᠯᠴᠠᠬᠤ ᠨᠥᠬᠦᠴᠡᠯ ᠪᠠ ᠬᠠᠷᠢᠴᠠᠯ ᠢ ᠬᠡᠮᠵᠢᠶᠡᠯᠡᠵᠦ᠂ ᠰᠠᠭᠤᠭᠠᠯᠢ ᠠᠷᠠᠳ ᠤᠨ ᠪᠡᠯᠡ ᠮᠥᠩᠭᠦ ᠭᠠᠷᠭᠠᠵᠤ | ᠥᠭᠡᠷᠡᠴᠢᠯᠡᠬᠦ ᠳᠤ ᠣᠷᠣᠯᠴᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ︔ ᠤᠰᠤ ᠬᠠᠩᠭᠠᠬᠤ ᠤᠰᠤ ᠵᠠᠯᠠᠬᠤ᠂ ᠳᠤᠯᠠᠭᠠᠯᠠᠭ᠎ᠠ ᠬᠠᠩᠭᠠᠬᠤ᠂ ᠰᠢᠲᠠᠮᠠᠬᠠᠢ ᠬᠡᠢ | ᠬᠠᠩᠭᠠᠬᠤ ᠵᠡᠷᠭᠡ ᠲᠤᠰᠬᠠᠢ ᠡᠵᠡᠩᠨᠡᠯᠲᠡ ᠶᠢᠨ ᠨᠢᠭᠡᠴᠢ ᠶᠢᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠲᠡᠢ ᠪᠠᠷ ᠵᠣᠬᠢᠴᠠᠭᠤᠯᠵᠤ᠂ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠥᠭᠡᠷᠡᠴᠢᠯᠡᠯᠲᠡ ᠳᠤ ᠣᠷᠣᠯᠴᠠᠭᠤᠯᠤᠨ᠎ᠠ︔ ᠨᠡᠶᠢᠭᠡᠮ ᠤᠨ ᠬᠦᠴᠦᠨ ᠢ ᠲᠠᠲᠠᠵᠤ ᠵᠠᠷ ᠮᠡᠳᠡᠭᠡ ᠲᠠᠯᠪᠢᠬᠤ᠂ ᠴᠠᠬᠢᠯᠭᠠᠨ | ᠴᠡᠨᠡᠭᠯᠡᠬᠦ ᠲᠥᠬᠦᠭᠡᠷᠦᠮᠵᠢ ᠪᠠᠶᠢᠭᠤᠯᠬᠤ᠂ ᠣᠶᠤᠨᠲᠤ ᠲᠦᠷᠭᠡᠨ ᠬᠦᠷᠭᠡᠯᠲᠡ ᠶᠢᠨ ᠬᠠᠶᠢᠷᠴᠠᠭ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠳᠤ | ᠣᠷᠣᠯᠴᠠᠭᠤᠯᠵᠤ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠬᠥᠮᠦᠵᠢᠯ᠂ ᠭᠡᠷ ᠤᠨ ᠶᠠᠪᠤᠳᠠᠯ ᠵᠡᠷᠭᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ︔ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ︽ᠪᠡᠯᠡ ᠣᠷᠣᠭᠤᠯᠵᠤ ᠪᠡᠯᠡ | ᠲᠣᠬᠢᠷᠠᠭᠤᠯᠬᠤ + ᠵᠢᠷᠤᠭᠯᠠᠨ ᠲᠥᠯᠥᠪᠯᠡᠬᠦ + ᠥᠭᠡᠷᠡᠴᠢᠯᠡᠬᠦ + ᠡᠵᠡᠩᠨᠡᠬᠦ + ᠠᠳᠠᠯ ᠠᠬᠤᠢ︾ ᠶᠢ ᠨᠢᠭᠡ ᠴᠣᠭᠴᠠᠵᠢᠭᠤᠯᠤᠭᠰᠠᠨ ᠡᠵᠡᠩᠨᠡᠯᠲᠡ ᠶᠢᠨ ᠭᠤᠣᠯ | ᠴᠣᠭᠴᠠ ᠶᠢ ᠥᠭᠡᠷᠡᠴᠢᠯᠡᠯᠲᠡ ᠳᠤ ᠣᠷᠣᠯᠴᠠᠭᠤᠯᠵᠤ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠡᠯᠡ ᠴᠤᠭᠯᠠᠭᠤᠯᠬᠤ ᠠᠷᠭ᠎ᠠ ᠵᠠᠮ ᠢ ᠤᠯᠠᠮ | ᠨᠢᠭᠡ ᠠᠯᠬᠤᠮ ᠥᠷᠭᠡᠳᠬᠡᠬᠦ ᠬᠡᠷᠡᠭᠲᠡᠢ᠃ ᠲᠠᠪᠤ ᠳᠤ᠂ ᠲᠤᠷᠰᠢᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠨ᠎ᠠ᠃ ᠲᠤᠷᠰᠢᠯᠲᠠ ᠶᠢᠨ | ᠴᠡᠭ ᠤᠨ ᠠᠵᠢᠯ ᠤᠨ ᠭᠠᠵᠠᠷ ᠣᠷᠣᠨ ᠨᠤᠭᠤᠳ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠠᠰᠠᠭᠤᠳᠠᠯ ᠳᠤ ᠰᠢᠭᠤᠳ ᠬᠠᠨᠳᠤᠭᠤᠯᠤᠨ ᠪᠣᠭᠤᠮᠲᠠ | ᠰᠢᠪᠲᠤᠯᠬᠤ ᠶᠢ ᠠᠳᠬᠤᠵᠤ᠂ ᠬᠡᠷᠡᠭᠵᠢᠭᠦᠯᠬᠦ ᠲᠥᠰᠥᠯ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠠᠭᠤᠯᠭ᠎ᠠ ᠲᠠᠢ ᠬᠠᠷᠢᠴᠠᠭᠤᠯᠤᠨ᠂ ᠠᠵᠢᠯ ᠤᠨ | ᠲᠣᠬᠢᠷᠠᠭᠤᠯᠤᠯᠲᠠ ᠪᠠ ᠠᠬᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠴᠡᠭ ᠢᠶᠠᠷ ᠨᠡᠶᠢᠳᠡᠮ ᠢ ᠲᠠᠶᠢᠴᠢᠯᠠᠨ ᠪᠦᠷᠢᠨ ᠪᠦᠲᠦᠨ | ᠨᠡᠶᠢᠭᠡᠮ ᠲᠣᠭᠤᠷᠢᠭ ᠤᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠨᠢᠭᠡ ᠪᠦᠯᠦᠭ ᠠᠮᠤᠷ ᠲᠦᠪᠰᠢᠨ ᠡᠷᠡᠭᠦᠯ ᠴᠢᠭᠢᠷᠠᠭ᠂ ᠲᠥᠬᠦᠭᠡᠷᠦᠮᠵᠢ ᠲᠡᠭᠦᠯᠳᠡᠷ᠂ | ᠬᠠᠮᠢᠶᠠᠷᠤᠯᠲᠠ ᠡᠮᠬᠢ ᠵᠢᠷᠤᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠤᠨ ᠦᠯᠢᠭᠡᠷ ᠳᠠᠭᠤᠷᠢᠶᠠᠯ ᠢ ᠬᠦᠴᠦᠯᠡᠨ ᠪᠠᠶᠢᠭᠤᠯᠬᠤ ᠬᠡᠷᠡᠭᠲᠡᠢ᠃ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠨᠥᠬᠦᠴᠡᠯ ᠢ ᠪᠤᠢ | ᠪᠣᠯᠭᠠᠬᠤ᠂ ᠣᠶᠤᠨᠴᠢᠯᠠᠭᠰᠠᠨ ᠦᠢᠯᠡᠴᠢᠯᠡᠭᠡ ᠶᠢ ᠲᠦᠯᠬᠢᠨ ᠠᠬᠢᠭᠤᠯᠬᠤ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠬᠦ ᠵᠡᠷᠭᠡ | ᠲᠠᠯ᠎ᠠ ᠪᠠᠷ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠵᠠᠭᠪᠤᠷ ᠪᠠ | ᠠᠵᠢᠯ ᠤᠨ ᠲᠣᠭᠲᠠᠴᠠ ᠶᠢ ᠪᠤᠢ ᠪᠣᠯᠭᠠᠨ᠎ᠠ᠃ ᠵᠢᠷᠭᠤᠭ᠎ᠠ ᠳᠤ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠠ᠃ ᠡᠵᠡᠩᠨᠡᠯᠲᠡ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠭᠡᠷᠡᠴᠢᠯᠡᠭᠰᠡᠨ ᠤ ᠳᠠᠷᠠᠭᠠᠬᠢ ᠤᠰᠤ ᠴᠠᠬᠢᠯᠭᠠᠨ ᠬᠡᠢ | ᠳᠤᠯᠠᠭᠠᠯᠠᠭ᠎ᠠ ᠵᠡᠷᠭᠡ ᠬᠠᠮᠢᠶ᠎ᠠ ᠪᠦᠬᠦᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠥᠮᠴᠢᠯᠡᠬᠦ ᠡᠷᠬᠡ ᠶᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ | ᠲᠤᠰᠬᠠᠢ ᠡᠵᠡᠩᠨᠡᠯᠲᠡ ᠶᠢᠨ ᠨᠢᠭᠡᠴᠢ ᠳᠤ ᠰᠢᠯᠵᠢᠭᠦᠯᠦᠨ ᠲᠤᠰᠢᠶᠠᠵᠤ ᠬᠠᠮᠠᠭᠠᠯᠠᠭᠤᠯᠤᠨ ᠬᠠᠮᠢᠶᠠᠷᠤᠭᠤᠯᠤᠨ᠎ᠠ︔ ᠥᠭᠡᠷᠡᠴᠢᠯᠡᠭᠰᠡᠨ ᠤ ᠳᠠᠷᠠᠭᠠᠬᠢ ᠬᠠᠭᠤᠴᠢᠨ ᠵᠢᠵᠢᠭ | ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠵᠥᠪᠯᠡᠯ᠂ ᠠᠵᠢᠯ ᠦᠢᠯᠡᠰ ᠤᠨ ᠵᠥᠪᠯᠡᠯ᠂ | ᠥᠮᠴᠢᠲᠡᠨ᠂ ᠠᠳᠠᠯ ᠠᠬᠤᠢ ᠶᠢᠨ ᠺᠣᠮᠫᠠᠨᠢ ᠵᠡᠷᠭᠡ ᠶᠢᠨ ᠥᠷᠭᠡᠨ ᠢᠶᠠᠷ ᠣᠷᠣᠯᠴᠠᠭᠰᠠᠨ᠂ ᠬᠡᠷᠡᠭ ᠶᠠᠪᠤᠳᠠᠯ ᠢ ᠬᠠᠮᠲᠤᠪᠠᠷ ᠵᠥᠪᠳᠡᠯᠴᠡᠭᠰᠡᠨ᠂ ᠵᠣᠬᠢᠴᠠᠯᠳᠤᠨ | ᠬᠥᠳᠡᠯᠦᠯᠴᠡᠭᠰᠡᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ᠎ᠠ᠃ | | | | | | | | | | | | | | ᠬᠤᠷᠠᠯ ᠠᠴᠠ᠂ ᠰᠢᠰᠲ᠋ᠧᠮ ᠢ ᠪᠦᠷᠢᠨᠰᠢᠭᠦᠯᠵᠦ᠂ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠵᠤ᠂ ᠠᠳᠠᠯ ᠠᠬᠤᠢ ᠶᠢᠨ ᠦᠢᠯᠡᠴᠢᠯᠡᠭᠡ ᠶᠢ ᠪᠦᠬᠦᠨ ᠢ | ᠪᠦᠷᠬᠦᠭᠦᠯᠬᠦ ᠶᠢ ᠲᠦᠷᠭᠡᠨ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠵᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ᠨᠢᠭᠡ ᠳᠤ᠂ ᠣᠷᠣᠨ | ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠵᠣᠬᠢᠬᠤ ᠬᠡᠪᠴᠢᠶ᠎ᠡ ᠲᠠᠢ ᠠᠳᠠᠯ | ᠠᠬᠤᠢ ᠶᠢᠨ ᠬᠠᠮᠢᠶᠠᠷᠤᠯᠲᠠ ᠦᠭᠡᠢ ᠵᠢᠵᠢᠭ ᠲᠣᠭᠤᠷᠢᠭ ᠲᠤ᠂ ᠵᠢᠵᠢᠭ ᠲᠣᠭᠤᠷᠢᠭ ᠤᠨ ᠥᠮᠴᠢᠲᠡᠨ ᠢ ᠵᠢᠯᠤᠭᠤᠳᠴᠤ ᠪᠠᠶᠢᠭᠠᠳ ᠥᠮᠴᠢᠲᠡᠨ ᠤ ᠵᠥᠪᠯᠡᠯ ᠢ | ᠰᠣᠩᠭᠤᠬᠤ ᠪᠤᠶᠤ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠠᠳᠠᠯ ᠠᠬᠤᠢ ᠶᠢᠨ ᠦᠢᠯᠡᠴᠢᠯᠡᠭᠴᠢ ᠶᠢ ᠰᠣᠩᠭᠤᠨ ᠤᠷᠢᠵᠤ᠂ | ᠲᠤᠰᠬᠠᠶᠢᠵᠢᠭᠰᠠᠨ ᠠᠳᠠᠯ ᠠᠬᠤᠢ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠦᠭᠡᠢ ᠵᠢᠵᠢᠭ ᠲᠣᠭᠤᠷᠢᠭ ᠲᠤ᠂ ᠠᠳᠠᠯ | ᠠᠬᠤᠢ ᠶᠢᠨ ᠦᠢᠯᠡᠴᠢᠯᠡᠭᠴᠢ ᠶᠢᠨ ᠶᠡᠭᠡ ᠪᠠᠷ ᠪᠠᠭ᠎ᠠ ᠶᠢ ᠳᠠᠶᠢᠴᠢᠯᠠᠬᠤ᠂ ᠬᠦᠴᠦᠷᠬᠡᠭ ᠢᠶᠠᠷ ᠪᠠᠭᠤᠷᠠᠢ ᠶᠢ ᠳᠠᠶᠢᠴᠢᠯᠠᠬᠤ᠂ ᠰᠢᠨ᠎ᠡ ᠪᠠᠷ ᠬᠠᠭᠤᠴᠢᠨ ᠢ ᠳᠠᠶᠢᠴᠢᠯᠠᠬᠤ᠂ | ᠠᠯᠪᠠᠨ ᠠᠴᠠ ᠪᠠᠶᠢᠭᠤᠯᠬᠤ ᠪᠠᠷ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠶᠢ ᠳᠠᠶᠢᠴᠢᠯᠠᠬᠤ ᠪᠤᠶᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ ᠤᠨ ᠨᠠᠶᠢᠳᠠᠨ ᠬᠠᠮᠢᠶᠠᠷᠤᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠣᠷᠣᠯᠠᠨ ᠬᠠᠮᠢᠶᠠᠷᠬᠤ᠂ ᠥᠮᠴᠢᠲᠡᠨ ᠤ ᠥᠪᠡᠷᠲᠡᠭᠡᠨ ᠵᠠᠰᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠪᠤᠶᠤ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠥᠲᠥᠯᠥᠨ | ᠵᠢᠯᠤᠭᠤᠳᠴᠤ ᠵᠣᠷᠢᠭᠵᠢᠭᠤᠯᠤᠨ᠎ᠠ᠃ 2024 ᠣᠨ ᠤ ᠡᠴᠦᠰ ᠪᠤᠯᠳᠠᠯ᠎ᠠ᠂ ᠠᠶᠢᠮᠠᠭ ᠬᠤᠲᠠ ᠶᠢᠨ ᠪᠠᠶᠢᠭ᠎ᠠ ᠭᠠᠵᠠᠷ ᠤᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠣᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠪᠦᠬᠦᠨ ᠢ ᠬᠠᠮᠤᠷᠠᠭᠤᠯᠬᠤ ᠶᠢ | ᠪᠡᠶᠡᠯᠡᠭᠦᠯᠦᠨ᠎ᠡ᠃ 2025 ᠣᠨ ᠤ ᠰᠡᠭᠦᠯᠴᠢ ᠪᠤᠯᠳᠠᠯ᠎ᠠ᠂ ᠪᠣᠶ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠤᠯᠤᠭᠰᠠᠨ ᠲᠣᠭᠤᠷᠢᠭ ᠤᠨ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠤᠶᠠᠷ ᠲᠤ᠂ ᠠᠳᠠᠯ ᠠᠬᠤᠢ ᠶᠢᠨ | ᠦᠢᠯᠡᠴᠢᠯᠡᠭᠡᠨ ᠤ ᠪᠠᠷᠢᠮᠵᠢᠶᠠᠵᠢᠭᠰᠠᠨ ᠰᠢᠰᠲ᠋ᠧᠮᠵᠢ ᠶᠢ ᠴᠢᠷᠮᠠᠶᠢᠨ ᠪᠠᠶᠢᠭᠤᠯᠤᠨ᠎ᠠ᠃ ᠦᠢᠯᠡᠴᠢᠯᠡᠭᠡᠨ ᠤ ᠪᠠᠷᠢᠮᠵᠢᠶ᠎ᠠ᠂ ᠮᠡᠷᠭᠡᠵᠢᠯ ᠤᠨ ᠴᠤᠪᠤᠷᠠᠯ ᠵᠡᠷᠭᠡ ᠪᠠᠷᠢᠮᠵᠢᠶ᠎ᠠ ᠶᠢᠨ | ᠰᠢᠰᠲ᠋ᠧᠮᠵᠢ ᠶᠢ ᠲᠦᠷᠭᠡᠳᠬᠡᠨ ᠲᠣᠭᠲᠠᠭᠠᠵᠤ ᠲᠡᠭᠦᠯᠳᠡᠷᠵᠢᠭᠦᠯᠦᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠢ ᠬᠦᠴᠦᠲᠡᠢ ᠵᠢᠯᠤᠭᠤᠳᠬᠤ ᠪᠠ ᠠᠬᠢᠭᠤᠯᠵᠤ᠂ | ︽ᠶᠠᠰᠤ ᠴᠢᠨᠠᠷ ᠪᠠ ᠦᠨ᠎ᠡ ᠬᠠᠩᠰᠢ ᠬᠠᠷᠢᠯᠴᠠᠨ ᠨᠡᠶᠢᠴᠡᠭᠰᠡᠨ︾ ᠠᠳᠠᠯ ᠠᠬᠤᠢ ᠶᠢᠨ ᠦᠢᠯᠡᠴᠢᠯᠡᠭᠡᠨ ᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ | ᠬᠡᠷᠡᠭᠲᠡᠢ᠃ ᠭᠤᠷᠪᠠ ᠳᠤ᠂ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠠᠳᠠᠯ ᠠᠬᠤᠢ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠤᠨ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ | ᠨᠠᠶᠢᠳᠠᠪᠤᠷᠢᠵᠢᠭᠤᠯᠵᠤ᠂ ᠬᠠᠮᠲᠤ ᠳᠤᠨᠢ ᠰᠢᠯᠭᠠᠨ ᠬᠢᠨᠠᠵᠤ᠂ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢ ᠬᠥᠲᠥᠯᠥᠨ ᠵᠢᠯᠤᠭᠤᠳᠴᠤ ᠪᠠᠶᠢᠭᠠᠳ ᠠᠳᠠᠯ ᠠᠬᠤᠢ ᠶᠢᠨ | ᠬᠠᠮᠢᠶᠠᠷᠤᠯᠲᠠ ᠶᠢᠨ ᠠᠵᠢᠯᠯᠠᠭ᠎ᠠ ᠶᠢ ᠵᠢᠯᠤᠭᠤᠳᠬᠤ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠠᠵᠢᠯ ᠤᠨ ᠪᠠᠶᠢᠭᠤᠯᠤᠮᠵᠢ ᠶᠢ | ᠲᠣᠳᠣᠷᠬᠠᠶᠢᠯᠠᠵᠤ᠂ ᠠᠵᠢᠯ ᠤᠨ ᠡᠭᠦᠷᠭᠡ ᠯᠦᠭᠡ ᠵᠣᠬᠢᠴᠠᠯᠳᠤᠭᠰᠠᠨ ᠠᠵᠢᠯᠲᠠᠨ ᠢ ᠲᠣᠬᠢᠷᠠᠭᠤᠯᠬᠤ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠵᠢᠯᠤᠭᠤᠳᠬᠤ᠂ ᠠᠳᠠᠯ ᠠᠬᠤᠢ ᠶᠢᠨ ᠦᠢᠯᠡᠴᠢᠯᠡᠭᠡᠨ ᠢ ᠬᠢᠨᠠᠨ ᠬᠠᠮᠢᠶᠠᠷᠴᠤ ᠦᠨᠡᠯᠡᠬᠦ᠂ ᠠᠳᠠᠯ ᠠᠬᠤᠢ ᠶᠢᠨ ᠵᠥᠷᠢᠴᠡᠯ ᠢ ᠡᠶᠡᠳᠡᠭᠦᠯᠦᠨ | ᠰᠢᠢᠳᠪᠦᠷᠢᠯᠡᠬᠦ ᠳᠤ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢᠨ ᠪᠥᠬᠦ ᠶᠠᠪᠤᠴᠠ ᠶᠢ ᠰᠢᠮᠳᠠᠭᠤᠯᠤᠨ ᠵᠢᠯᠣᠭᠤᠳᠤᠨ᠎ᠠ᠃ ᠳᠥᠷᠪᠡ ᠳᠤ᠂ ᠨᠠᠮ ᠤᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠳᠡᠮᠵᠢᠨ | ᠂ ᠠᠳᠠᠯ ᠠᠬᠤᠢ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠵᠠᠰᠠᠯᠲᠠ ᠳᠤ ᠠᠭᠤᠰᠬᠠᠵᠤ᠂ ᠥᠮᠴᠢᠲᠡᠨ᠂ ᠠᠵᠢᠯ ᠦᠢᠯᠡᠰ ᠤᠨ ᠵᠥᠪᠯᠡᠯ᠂ ᠠᠳᠠᠯ ᠠᠬᠤᠢ ᠶᠢᠨ | ᠺᠣᠮᠫᠠᠨᠢ᠂ ᠨᠡᠶᠢᠭᠡᠮ ᠲᠣᠭᠤᠷᠢᠭ ᠤᠨ ᠨᠡᠪᠲᠡᠷᠡᠯᠴᠡᠭᠡ ᠶᠢᠨ ᠬᠥᠭᠦᠷᠭᠡ ᠶᠢ ᠪᠣᠰᠬᠠᠵᠤ᠂ ᠥᠮᠴᠢᠲᠡᠨ ᠢ ᠵᠣᠬᠢᠶᠠᠨ ᠪᠠᠶᠢᠭᠤᠯᠤᠨ ᠬᠠᠤᠯᠢ ᠪᠠᠷ ᠲᠣᠭᠲᠠᠭᠠᠭᠰᠠᠨ ᠲᠠᠰ | ᠳᠠᠷᠠᠭᠠᠯᠠᠯ ᠢᠶᠠᠷ ᠳᠠᠮᠵᠢᠭᠤᠯᠤᠨ ᠲᠣᠰ ᠪᠡᠶ᠎ᠡ ᠶᠢᠨ ᠡᠷᠬᠡ ᠪᠠᠨ ᠬᠡᠷᠡᠭᠵᠢᠭᠦᠯᠦᠨ᠎ᠡ᠃ ᠦᠮᠴᠢᠳᠠᠳ ᠤᠨ ᠶᠡᠭᠡ ᠬᠤᠷᠠᠯ ᠬᠤᠷᠠᠯᠳᠤᠭᠤᠯᠵᠤ ᠦᠮᠴᠢᠳᠠᠳ ᠤᠨ ᠵᠥᠪᠯᠡᠯ ᠢ | ᠰᠣᠩᠭᠤᠨ ᠭᠠᠷᠭᠠᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠡᠷᠬᠡ ᠲᠡᠭᠰᠢ ᠪᠠᠷ ᠵᠥᠪᠳᠡᠯᠴᠡᠬᠦ᠂ ᠡᠶ᠎ᠡ ᠵᠣᠬᠢᠴᠠᠯ ᠲᠠᠢ ᠪᠠᠷ ᠬᠠᠷᠢᠯᠴᠠᠨ ᠬᠠᠪᠰᠤᠷᠤᠯᠴᠠᠬᠤ ᠠᠳᠠᠯ | ᠠᠬᠤᠢ ᠶᠢᠨ ᠬᠠᠮᠢᠶᠠᠷᠤᠯᠲᠠ ᠶᠢᠨ ᠰᠠᠶᠢᠨ ᠦᠢᠯᠡᠴᠢᠯᠡᠭᠡᠨ ᠤ ᠬᠠᠷᠢᠯᠴᠠᠨ ᠬᠥᠳᠡᠯᠦᠯᠴᠡᠬᠦ ᠬᠠᠷᠢᠴᠠᠭ᠎ᠠ ᠶᠢ ᠪᠠᠶᠢᠭᠤᠯᠤᠨ᠎ᠠ᠃ ᠲᠠᠪᠤ ᠳᠤ᠂ ᠠᠳᠠᠯ ᠠᠬᠤᠢ ᠶᠢᠨ ᠠᠵᠢᠯ | ᠲᠥᠷᠥᠯ ᠤᠨ ᠪᠡᠷᠬᠡ ᠠᠰᠠᠭᠤᠳᠠᠯ ᠢ ᠰᠢᠢᠳᠪᠦᠷᠢᠯᠡᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠠᠭᠤᠯᠭ᠎ᠠ ᠪᠠ ᠪᠠᠷᠢᠮᠵᠢᠶ᠎ᠠ ᠲᠠᠢ ᠬᠠᠷᠢᠴᠠᠭᠤᠯᠵᠤ᠂ ᠠᠳᠠᠯ | ᠠᠬᠤᠢ ᠶᠢᠨ ᠥᠪᠡᠷ ᠤᠨ ᠥᠷᠲᠡᠭ ᠤᠨ ᠮᠡᠳᠡᠭᠡ ᠵᠠᠩᠭᠢ ᠪᠠ ᠦᠨ᠎ᠡ ᠪᠤᠳᠤᠬᠤ ᠳᠦᠷᠢᠮ ᠢ ᠦᠨᠳᠦᠰᠦᠯᠡᠨ᠂ ᠲᠣᠰ ᠭᠠᠵᠠᠷ ᠣᠷᠣᠨ ᠤ ᠪᠠᠨ ᠣᠷᠣᠨ ᠰᠠᠭᠤᠴᠠ ᠶᠢᠨ | ᠠᠳᠠᠯ ᠠᠬᠤᠢ ᠶᠢᠨ ᠬᠤᠭᠤᠷᠣᠨᠳᠣᠬᠢ ᠯᠠᠪᠯᠠᠯᠲᠠ ᠶᠢᠨ ᠦᠨ᠎ᠡ ᠬᠠᠩᠰᠢ ᠶᠢ ᠲᠣᠭᠲᠠᠮᠠᠯ ᠬᠤᠭᠤᠴᠠᠭ᠎ᠠ ᠲᠠᠢ ᠪᠠᠷ ︽ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ | ᠤᠷᠢᠳᠠᠪᠠᠷ ᠲᠤᠷᠰᠢᠯᠲᠠ ᠬᠢᠬᠦ︾ ᠵᠠᠷᠴᠢᠮ ᠶᠣᠰᠣᠭᠠᠷ᠂ ᠬᠠᠤᠯᠢ ᠬᠡᠷᠡᠭᠵᠢᠭᠦᠯᠬᠦ ᠶᠢ ᠵᠢᠵᠢᠭ ᠲᠣᠭᠤᠷᠢᠭ ᠲᠤ ᠣᠷᠣᠭᠤᠯᠬᠤ ᠶᠢ ᠠᠬᠢᠭᠤᠯᠬᠤ᠂ ᠲᠤᠰᠬᠠᠢ | ᠡᠵᠡᠩᠨᠡᠯᠲᠡ ᠶᠢᠨ ᠨᠢᠭᠡᠴᠢ ᠶᠢᠨ ᠦᠢᠯᠡᠴᠢᠯᠡᠭᠡ ᠶᠢ ᠡᠴᠦᠰ ᠤᠨ ᠬᠡᠷᠡᠭᠯᠡᠭᠴᠢ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠪᠤᠳᠠᠳᠠᠶᠢᠵᠢᠭᠤᠯᠵᠦ᠂ ᠠᠳᠠᠯ ᠠᠬᠤᠢ ᠶᠢᠨ | ᠰᠦᠢᠳᠬᠡᠯ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠬᠦ᠂ ᠥᠮᠴᠢᠲᠡᠨ ᠤ ᠵᠥᠪᠯᠡᠯ ᠤᠨ ᠠᠵᠢᠯ ᠤᠨ ᠵᠠᠷᠤᠳᠠᠯ ᠪᠠ ᠭᠡᠰᠢᠭᠦᠳ ᠲᠤ ᠨᠥᠬᠦᠪᠦᠷᠢ ᠥᠭᠬᠦ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠬᠦ᠂ ᠵᠢᠵᠢᠭ ᠲᠣᠭᠤᠷᠢᠭ ᠤᠨ ᠲᠡᠷᠭᠡ ᠵᠣᠭᠰᠤᠭᠠᠬᠤ ᠳᠤ ᠬᠦᠴᠢᠷᠲᠡᠢ ᠳᠤᠷ᠎ᠠ ᠪᠠᠷ ᠢᠶᠠᠨ ᠲᠡᠷᠭᠡ ᠵᠣᠭᠰᠤᠭᠠᠬᠤ ᠠᠰᠠᠭᠤᠳᠠᠯ ᠢ | ᠰᠢᠢᠳᠪᠦᠷᠢᠯᠡᠬᠦ ᠵᠡᠷᠭᠡ ᠲᠠᠯ᠎ᠠ ᠪᠠᠷ ᠤᠷᠢᠳᠠᠪᠠᠷ ᠲᠤᠷᠰᠢᠯᠲᠠ ᠬᠢᠬᠦ ᠶᠢ ᠢᠳᠡᠪᠬᠢᠲᠡᠢ ᠬᠢᠵᠦ᠂ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ | | | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠪᠡᠶ᠎ᠡ ᠶᠢᠨ | ᠲᠠᠮᠢᠷ ᠤᠨ ᠲᠣᠪᠴᠢᠶ᠎ᠠ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠶᠢᠨ ᠬᠠᠮᠢᠶ᠎ᠠ ᠪᠦᠬᠦᠢ ᠭᠠᠵᠠᠷ ᠭᠡᠷ ᠤᠨ | ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ | ᠬᠠᠷᠢᠭᠤᠴᠠᠯᠭᠠᠲᠠᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠤᠲᠠ ᠶᠢᠨ ᠬᠠᠷᠢᠶ᠎ᠠ ᠡᠯ᠎ᠡ ᠲᠣᠭᠤᠷᠢᠭ᠂ ᠠᠶᠢᠮᠠᠭ ᠤᠨ ᠵᠠᠬᠢᠷᠭ᠎ᠠ ᠶᠢᠨ ᠪᠠᠶᠢᠭ᠎ᠠ | ᠭᠠᠵᠠᠷ᠂ ᠰᠢᠶᠠᠨ ᠤ ᠱᠠᠲᠤᠨ ᠤ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ | ᠠᠳᠠᠯ ᠠᠬᠤᠢ ᠶᠢᠨ | ᠬᠠᠮᠢᠶᠠᠷᠤᠯᠲᠠ ᠶᠢᠨ ᠨᠡᠶᠢᠭᠡᠮᠯᠢᠭ᠂ ᠡᠯ᠎ᠡ ᠠᠶᠢᠮᠠᠭ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠨᠡᠶᠢᠭᠡᠮᠯᠢᠭ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ | |