ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠪᠥᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/9/25
    ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠤ ᠲᠤᠰᠬᠠᠢ ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ 9 ᠳ᠋ᠤᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠪᠥᠬᠦ ᠣᠷᠣᠨ‌‍ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ ᠢ ᠵᠤᠬᠢᠶᠠᠨ ᠪᠠᠶᠢᠭᠤᠯᠤᠨ ᠦᠷᠨᠢᠭᠦᠯᠪᠡ᠃
1.jpg
    ᠲᠣᠰ ᠤᠳᠠᠭᠠᠨ ᠤ ᠪᠤᠯᠪᠠᠰᠤᠷᠠᠯ ᠳᠤ ︽ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠭᠠᠷ ᠠᠪᠤᠯᠭ᠎ᠠ︾ ᠶᠢᠨ ᠲᠤᠷᠰᠢᠯᠲᠠ ᠶᠢᠨ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠢᠨᠵᠧᠨᠧᠷ ᠢ ᠤᠷᠢᠵᠤ ᠬᠢᠴᠢᠶᠡᠯ ᠲᠠᠶᠢᠯᠪᠦᠷᠢᠯᠠᠭᠤᠯᠪᠠ᠂ ᠬᠢᠴᠢᠶᠡᠯ ᠨᠢ ︽ᠭᠠᠷ ᠠᠪᠤᠯᠭ᠎ᠠ ᠪᠠᠷ ᠨᠠᠷᠢᠯᠢᠭ ᠪᠠᠷᠢᠯᠭ᠎ᠠ ᠶᠢᠨ ᠠᠵᠢᠯ ᠢ ᠬᠥᠲᠥᠯᠥᠨ ᠳᠠᠭᠠᠭᠤᠯᠵᠤ᠂ ᠪᠠᠷᠢᠮᠵᠢᠶ᠎ᠠ ᠪᠠᠷ ᠶᠠᠰᠤ ᠴᠢᠨᠠᠷ ᠤᠨ ᠢᠨᠵᠧᠨᠧᠷᠢᠩ ᠢ ᠪᠠᠶᠢᠭᠤᠯᠤᠶ᠎ᠠ︾ ᠪᠠᠷ ᠭᠤᠣᠯ ᠰᠡᠳᠦᠪ ᠪᠣᠯᠭᠠᠵᠤ᠂ ᠤᠯᠤᠰ ᠤᠨ ᠲᠤᠷᠰᠢᠯᠲᠠ ᠶᠢᠨ ᠠᠵᠤ ᠠᠬᠤᠶᠢᠯᠠᠯ ᠤᠨ ︽ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠭᠠᠷ ᠠᠪᠤᠯᠭ᠎ᠠ︾ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠲᠠᠯ᠎ᠠ ᠶᠢᠨ ᠬᠡᠷᠡᠭ ᠤᠨ ᠵᠢᠱᠢᠶ᠎ᠡ ᠶᠢ ᠭᠤᠣᠯᠳᠠᠯᠭ᠎ᠠ ᠲᠠᠢ ᠲᠠᠶᠢᠯᠪᠦᠷᠢᠯᠠᠪᠠ᠃    ᠪᠤᠯᠪᠠᠰᠤᠷᠠᠯ ᠢᠶᠠᠷ ᠳᠡᠮᠵᠢᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠪᠠᠷᠢᠮᠵᠢᠶᠠᠵᠢᠭᠤᠯᠤᠯᠳᠠ ᠶᠢᠨ ᠬᠡᠷᠡᠭᠵᠢᠭᠦᠯᠬᠦ ᠭᠤᠣᠯᠳᠠᠯᠭ᠎ᠠ ᠶᠢ ᠡᠮᠬᠢᠯᠡᠨ ᠳᠢᠭᠯᠡᠵᠦ᠂ ︽ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠠᠷ ᠠᠪᠤᠯᠭ᠎ᠠ︾ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠳᠤ ᠯᠠᠪᠯᠠᠯᠲᠠ ᠬᠠᠩᠭᠠᠵᠤ᠂ ᠪᠥᠬᠦ ᠣᠷᠣᠨ ᠤ ᠪᠠᠷᠢᠯᠭ᠎ᠠ ᠶᠢᠨ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠪᠠ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠪᠠᠷᠢᠮᠵᠢᠶᠠᠵᠢᠭᠰᠠᠨ᠂ ᠨᠠᠷᠢᠯᠢᠭᠵᠢᠭᠰᠠᠨ᠂ ᠵᠢᠷᠤᠮᠵᠢᠭᠰᠠᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃
2.jpg
    ᠪᠤᠯᠪᠠᠰᠤᠷᠠᠯ ᠢ ᠸᠢᠳᠢᠤ᠋ ᠮᠠᠶ᠋ᠢᠭ ᠢᠶᠠᠷ ᠥᠷᠨᠢᠭᠦᠯᠵᠦ᠂ ᠪᠥᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠷᠢᠯᠭ᠎ᠠ ᠶᠢᠨ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠨᠡᠶᠢᠲᠡ 400 ᠭᠠᠷᠤᠢ ᠬᠥᠮᠥᠨ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠵᠠᠢ᠃ 
ᠢᠷᠡᠯᠲᠡ᠄ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠦᠪ