ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/26
    9 ᠳ᠋ᠤᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
1.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠵᠡᠭᠦᠨ ᠬᠤᠶᠢᠲᠤ ᠣᠷᠣᠨ ᠢ ᠪᠦᠬᠦ ᠲᠠᠯ᠎ᠠ  ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠥᠷ ᠮᠣᠩᠭᠤᠯ ᠤᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠵᠤ᠂ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠭᠠᠷᠭᠠᠨ ᠲᠠᠩᠰᠠ ᠡᠪᠬᠡᠮᠡᠯ ᠲᠤᠰᠢᠶᠠᠵᠤ᠂ ᠨᠢᠭᠡ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠪᠦᠬᠦ ᠲᠠᠯ᠎ᠠ ᠳᠤ ᠬᠡᠷᠡᠯ ᠭᠢᠯᠪᠠᠭ᠎ᠠ ᠨᠡᠮᠡᠷᠢᠯᠡᠨ᠎ᠡ᠃ ᠲᠠᠪᠤᠨ ᠶᠡᠭᠡ ᠡᠭᠦᠷᠭᠡ ᠪᠣᠯᠣᠨ ᠲᠢᠩᠬᠢᠮ ᠤᠨ ᠣᠨ ᠤ ᠠᠵᠢᠯ ᠤᠨ ᠬᠠᠷᠠᠯᠲᠠ ᠲᠠᠢ ᠤᠶᠠᠯᠳᠤᠭᠤᠯᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠭᠤᠣᠯᠳᠠᠯᠭ᠎ᠠ ᠲᠠᠢ ᠡᠮᠬᠢᠯᠡᠵᠦ᠂ ᠳᠠᠪᠠᠭᠤᠯᠢᠭ ᠲᠤᠳᠠᠭᠳᠠᠯ ᠢ ᠰᠤᠳᠤᠯᠤᠨ ᠮᠠᠭᠠᠳᠯᠠᠵᠤ᠂ ᠲᠤᠰᠬᠠᠢ ᠰᠡᠳᠦᠪ ᠢᠶᠠᠷ ᠲᠣᠬᠢᠷᠠᠭᠤᠯᠵᠤ᠂ ᠲᠤᠰᠬᠠᠢ ᠰᠡᠳᠦᠪ ᠢᠶᠠᠷ ᠰᠤᠳᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠠᠪᠠᠭᠤᠯᠢᠭ ᠢᠶᠠᠨ ᠪᠠᠳᠠᠷᠠᠭᠤᠯᠤᠨ᠂ ᠲᠤᠳᠠᠭᠳᠠᠯ ᠢ ᠨᠥᠬᠦᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠡᠮᠵᠢᠬᠦ ᠡᠷᠴᠢᠮ ᠢ ᠴᠢᠩᠭᠠᠷᠠᠭᠤᠯᠬᠤ ᠪᠠ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠲᠦᠷᠦᠯ ᠤᠨ ᠵᠢᠯᠤᠭᠤᠳᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠳᠦᠷᠢᠮ᠂ ᠲᠦᠷᠦ ᠶᠢᠨ ᠪᠣᠳᠣᠯᠭ᠎ᠠ᠂ ᠲᠦᠷᠦᠯ ᠵᠦᠢᠯ᠂ ᠪᠡᠯᠡ ᠮᠥᠩᠭᠦ᠂ ᠴᠢᠳᠠᠪᠤᠷᠢᠲᠠᠨ ᠵᠡᠷᠭᠡ ᠡᠯᠧᠮᠧᠨ᠋ᠲ ᠤᠨ ᠬᠠᠩᠭᠠᠯᠭ᠎ᠠ ᠶᠢ ᠵᠡᠭᠦᠨ ᠬᠤᠶᠢᠲᠤ ᠣᠷᠣᠨ ᠳᠤ ᠲᠥᠪᠯᠡᠷᠡᠭᠦᠯᠬᠦ ᠶᠢ ᠠᠬᠢᠭᠤᠯᠵᠤ᠂ ᠵᠡᠭᠦᠨ ᠬᠤᠶᠢᠲᠤ ᠣᠷᠣᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ᠃ ᠵᠡᠭᠦᠨ ᠬᠡᠰᠡᠭ ᠤᠨ ᠠᠶᠢᠮᠠᠭ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ᠂ ᠰᠠᠭᠤᠷᠢ ᠨᠥᠬᠦᠴᠡᠯ᠂ ᠣᠷᠣᠨ ᠪᠠᠶᠢᠷᠢ ᠶᠢᠨ ᠳᠠᠪᠠᠭᠤᠯᠢᠭ᠂ ᠠᠭᠤᠷ ᠠᠮᠢᠰᠬᠤᠯ ᠤᠨ ᠣᠨᠴᠠᠯᠢᠭ ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠢᠭᠤᠨ ᠴᠡᠪᠡᠷ ᠢᠶᠠᠷ ᠳᠤᠯᠠᠭᠠᠯᠠᠬᠤ᠂ ᠣᠶᠤᠨᠴᠢ ᠪᠠᠷ ᠢᠯᠴᠢ ᠬᠠᠩᠭᠠᠬᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠵᠡᠷᠭᠡ ᠲᠠᠯ᠎ᠠ ᠪᠠᠷ ᠲᠤᠷᠰᠢᠯᠲᠠ ᠶᠢᠨ ᠴᠡᠭ ᠢ ᠰᠣᠩᠭᠤᠨ᠂ ᠵᠠᠮ ᠮᠥᠷ ᠡᠷᠢᠵᠦ᠂ ᠰᠢᠨ᠎ᠡ ᠵᠠᠪᠰᠢᠶᠠᠨ ᠢ ᠪᠣᠶᠢᠵᠢᠭᠤᠯᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠴᠢᠳᠠᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠡᠷᠡᠭᠴᠡᠭᠡ ᠲᠠᠢ ᠪᠦᠲᠦᠭᠡᠯᠴᠢ ᠪᠠᠷ ᠤᠶᠠᠯᠳᠤᠭᠤᠯᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠵᠠᠮ ᠢᠶᠠᠷ ᠵᠠᠮᠨᠠᠵᠤ᠂ ᠰᠢᠨ᠎ᠡ ᠬᠡᠪ ᠶᠠᠩᠵᠤ ᠲᠠᠢ ᠪᠣᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠴᠢᠨᠠᠭᠰᠢᠳᠠ ᠴᠢᠩᠭᠠᠳᠬᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠡᠷᠳᠡᠮ ᠴᠢᠳᠠᠪᠤᠷᠢ ᠪᠠᠷ ᠴᠠᠭᠠᠷᠠᠭᠰᠠᠨ᠂ ᠬᠡᠪ ᠴᠢᠨᠠᠷ ᠢᠶᠠᠷ ᠴᠠᠭᠠᠷᠠᠭᠰᠠᠨ ᠺᠠᠳ᠋ᠷ ᠤᠨ ᠡᠩᠨᠡᠭᠡ ᠶᠢ ᠴᠢᠷᠮᠠᠶᠢᠨ ᠪᠣᠯᠪᠠᠰᠤᠷᠠᠭᠤᠯᠬᠤ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠭᠤ ᠬᠢᠪᠡᠯ ᠶᠠᠭᠤ ᠶᠢ ᠪᠣᠯᠪᠠᠰᠤᠷᠠᠭᠤᠯᠬᠤ᠂ ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ ᠶᠢ ᠪᠠᠷᠢᠮᠲᠠᠯᠠᠵᠤ᠂ ᠬᠥᠮᠥᠨ ᠪᠠ ᠠᠵᠢᠯ ᠤᠨ ᠪᠠᠶᠢᠷᠢ ᠶᠢᠨ ᠵᠣᠬᠢᠴᠠᠯ ᠢ ᠠᠬᠢᠭᠤᠯᠵᠤ᠂ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠬᠡᠷᠡᠭᠴᠡᠭᠡ᠂ ᠠᠵᠢᠯ ᠤᠨ ᠪᠠᠶᠢᠷᠢ ᠶᠢᠨ ᠬᠡᠷᠡᠭᠴᠡᠭᠡ᠂ ᠬᠤᠪᠢ ᠬᠥᠮᠥᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠠᠵᠢᠯ ᠢ ᠰᠠᠶᠢᠲᠤᠷ ᠬᠢᠵᠦ᠂ ᠪᠣᠯᠪᠠᠰᠤᠷᠠᠯ ᠤᠨ ᠡᠯᠧᠮᠧᠨ᠋ᠲ ᠢ ᠵᠣᠬᠢᠰᠲᠠᠢ ᠲᠣᠬᠢᠷᠠᠭᠤᠯᠵᠤ᠂ ︽ᠪᠣᠯᠪᠠᠰᠤᠷᠠᠭᠤᠯᠬᠤ ᠶᠢᠨ ᠲᠥᠯᠥᠭᠡ ᠪᠣᠯᠪᠠᠰᠤᠷᠠᠭᠤᠯᠵᠤ︾ ᠪᠣᠯᠬᠤ ᠦᠭᠡᠢ᠂ ︽ᠠᠷᠭᠠᠴᠠᠬᠤ ᠮᠠᠶ᠋ᠢᠭ︾᠂ ︽ᠶᠡᠭᠦᠯᠡᠬᠦ ᠮᠠᠶ᠋ᠢᠭ︾ ᠤᠨ ᠦᠵᠡᠭᠳᠡᠯ ᠢ ᠡᠷᠡᠰ ᠬᠤᠷᠢᠭᠯᠠᠵᠤ᠂ ︽ᠶᠣᠰᠣ ᠤᠴᠢᠷ ᠢ ᠤᠯᠠᠮᠵᠢᠯᠠᠵᠤ ᠲᠥᠭᠡᠷᠢᠭᠳᠡᠯ ᠢ ᠠᠷᠢᠯᠭᠠᠬᠤ︾ ᠶᠢ ᠦᠨᠡᠨ ᠬᠦ ᠪᠡᠶᠡᠯᠡᠭᠦᠯᠵᠦ᠂ ᠪᠣᠯᠪᠠᠰᠤᠷᠠᠭᠤᠯᠤᠯ ᠤᠨ ︽ᠵᠥᠭᠡᠯᠡᠨ ᠭᠦᠢᠴᠡᠳᠬᠡᠬᠦ ᠲᠤᠭ᠎ᠠ︾ ᠶᠢ ︽ᠬᠠᠲᠠᠭᠤ ᠬᠢᠵᠠᠭᠠᠷᠯᠠᠯ︾ ᠪᠣᠯᠭᠠᠨ ᠬᠤᠪᠢᠷᠠᠭᠤᠯᠵᠤ᠂ ᠺᠠᠳ᠋ᠷ ᠤᠨ ᠡᠩᠨᠡᠭᠡᠨ ᠤ ᠤᠯᠤᠰ ᠲᠦᠷᠦ ᠶᠢᠨ ᠴᠢᠳᠠᠪᠤᠷᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠯᠪᠠᠰᠤᠷᠠᠭᠤᠯᠤᠯ ᠢ ᠦᠨᠡᠨ ᠬᠦ ᠺᠠᠳ᠋ᠷᠴᠤᠳ ᠤᠨ ᠦᠨᠳᠦᠰᠦ ᠰᠠᠭᠤᠷᠢ ᠶᠢ ᠪᠣᠰᠬᠠᠨ ᠰᠦᠭ ᠰᠦᠨᠡᠰᠦ ᠶᠢ ᠱᠤᠭᠤᠬᠤ᠂ ᠡᠨᠧᠷᠭᠢ ᠶᠢ ᠬᠤᠷᠠᠮᠳᠤᠭᠤᠯᠤᠨ ᠴᠠᠬᠢᠯᠭᠠᠨ ᠴᠡᠨᠡᠭᠯᠡᠬᠦ᠂ ᠴᠢᠳᠠᠪᠤᠷᠢ ᠶᠢ ᠨᠡᠮᠡᠭᠳᠡᠭᠦᠯᠬᠦ ᠪᠦᠲᠦᠮᠵᠢᠲᠡᠶ ᠠᠷᠭ᠎ᠠ ᠵᠠᠮ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠮᠤᠷ ᠲᠦᠪᠰᠢᠨ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠥᠮᠥᠨ᠂ ᠪᠣᠳᠠᠰ᠂ ᠳᠦᠷᠢᠮ᠂ ᠣᠷᠴᠢᠨ ᠲᠣᠭᠤᠷᠢᠨ ᠵᠡᠷᠭᠡ ᠲᠦᠷᠪᠡᠨ ᠡᠯᠧᠮᠧᠨ᠋ᠲ ᠢ ᠴᠢᠩᠭ᠎ᠠ ᠠᠩᠬᠠᠷᠴᠤ᠂ ᠠᠯᠳᠠᠰᠢ ᠭᠠᠷᠬᠤ ᠶᠢ ᠦᠨᠳᠦᠰᠦᠨ ᠠᠴᠠ ᠨᠢ ᠬᠤᠷᠢᠭᠯᠠᠵᠤ᠂ ᠲᠤᠳᠠᠭᠳᠠᠯ ᠢ ᠨᠥᠬᠦᠪᠦᠷᠢᠯᠡᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠂ ᠣᠷᠣᠨ ᠤ ᠳᠣᠲᠣᠨ᠎ᠠ ᠭᠠᠳᠠᠨᠠᠬᠢ ᠨᠡᠶᠢᠲᠡᠯᠢᠭ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠠᠶᠢᠯ ᠰᠠᠭᠠᠬᠠᠯᠲᠠ ᠶᠢᠨ ᠬᠢᠨ ᠭᠠᠯ ᠠᠯᠳᠠᠪᠠᠯ ᠥᠪᠡᠷ ᠤᠨ ᠢᠶᠠᠨ ᠪᠠᠶᠢᠴᠠᠭᠠᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ᠂ ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠤ ᠬᠠᠮᠢᠶᠠᠷᠤᠯᠲᠠ᠂ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠬᠢᠨᠠᠨ ᠰᠢᠯᠭᠠᠯᠲᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠣᠷᠣᠰᠢᠵᠤ ᠮᠡᠳᠡᠬᠦ ᠠᠮᠤᠷ ᠲᠦᠪᠰᠢᠨ ᠤ ᠬᠡᠮ ᠰᠣᠭᠤᠭ ᠢ ᠳᠠᠬᠢᠨ ᠡᠮᠬᠢᠯᠡᠨ ᠳᠢᠭᠯᠡᠵᠦ᠂ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠲᠤᠶᠢᠯᠪᠤᠷᠢᠲᠠᠢ ᠰᠢᠢᠳᠪᠦᠷᠢᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠤᠨ ᠰᠠᠭᠤᠷᠢ ᠲᠤᠭ᠎ᠠ ᠶᠢ ᠦᠨᠡᠨᠬᠦ ᠲᠣᠳᠣᠷᠬᠠᠢ ᠣᠶᠢᠯᠠᠭᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠨ᠎ᠠ᠃ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠲᠤ ᠱᠠᠲᠤ ᠪᠠᠷ ᠳᠠᠷᠤᠯᠲᠠ ᠶᠢ ᠳᠠᠮᠵᠢᠭᠤᠯᠵᠤ᠂ ᠳᠡᠭᠡᠷ᠎ᠡ ᠳᠣᠣᠷ᠎ᠠ ᠱᠠᠲᠤ ᠶᠢ ᠬᠤᠯᠪᠣᠭᠰᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃ ᠵᠣᠷᠢᠭᠲᠠᠢ ᠠᠵᠢᠯᠯᠠᠨ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ︽ᠬᠠᠷᠢᠶᠠᠬᠤ ᠳᠠᠭᠤᠨ ᠢ ᠰᠣᠨᠣᠰᠬᠤ ᠠᠴᠠ ᠪᠢᠰᠢ᠂ ᠤᠬᠢᠯᠠᠬᠤ ᠳᠠᠭᠤᠨ ᠢ ᠰᠣᠨᠣᠰᠬᠤ ᠦᠭᠡᠢ︾᠂ ᠬᠢᠨᠠᠯᠲᠠ ᠬᠠᠮᠢᠶᠠᠷᠤᠯᠲᠠ ᠰᠤᠯᠠ ᠪᠠᠶᠢᠬᠤ᠂ ᠬᠠᠤᠯᠢ ᠬᠡᠷᠡᠭᠵᠢᠭᠦᠯᠬᠦ ᠳᠡᠭᠡᠨ ᠰᠤᠯᠠ ᠪᠠᠶᠢᠬᠤ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠭᠰᠡᠳ ᠠᠴᠠ ᠬᠠᠷᠢᠭᠤᠴᠠᠯᠭ᠎ᠠ ᠪᠠᠨ ᠠᠯᠳᠠᠪᠠᠯ ᠵᠠᠪᠠᠯ ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠳᠡᠭᠡᠨ ᠵᠠᠪᠠᠯ ᠴᠢᠩᠭ᠎ᠠ ᠪᠠᠶᠢᠬᠤ ᠶᠢ ᠪᠡᠶᠡᠯᠡᠭᠦᠯᠬᠦ ᠬᠡᠷᠡᠭᠲᠡᠢ︔ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠤᠯᠳᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠭᠡᠵᠦ᠂ ᠨᠢᠭᠡ ᠶᠢ ᠰᠢᠳᠭᠡᠵᠦ᠂ ᠨᠢᠭᠡ ᠶᠢ ᠠᠶᠤᠯᠭᠠᠨ ᠰᠦᠷᠳᠡᠭᠦᠯᠬᠦ᠂ ᠪᠥᠬᠦ ᠠᠵᠢᠯ ᠲᠥᠷᠥᠯ ᠢ ᠰᠡᠷᠡᠮᠵᠢᠯᠡᠭᠦᠯᠬᠦ ᠦᠢᠯᠡᠳᠦᠯ ᠢ ᠦᠨᠡᠨᠬᠦ ᠪᠡᠶᠡᠯᠡᠭᠦᠯᠦᠨ᠎ᠡ ᠭᠡᠵᠦ ᠴᠢᠬᠤᠯᠠᠴᠢᠯᠠᠪᠠ᠃
2.jpg
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠵᠦ᠂ ︽ᠭᠤᠷᠪᠠᠨ ᠦᠢᠯᠡᠴᠢᠯᠡᠭᠡ︾ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠲᠠᠯ᠎ᠠ ᠳᠤ ᠦᠢᠯᠡᠴᠢᠯᠡᠬᠦ ᠶᠢ ᠪᠠᠲᠤᠯᠠᠬᠤ ᠬᠡᠷᠡᠭᠲᠡᠢ᠃ ᠵᠥᠪᠯᠡᠭᠴᠢ ᠪᠠ ᠬᠠᠪᠰᠤᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠭᠢᠯᠲᠡ ᠶᠢᠨ ᠲᠥᠪ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠦᠢᠯᠡᠴᠢᠯᠡᠭᠡᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︽ᠬᠤᠶᠠᠷ ᠶᠡᠭᠡ ᠶᠠᠪᠤᠳᠠᠯ︾  ᠤᠨ ᠴᠢᠬᠤᠯᠠ ᠡᠭᠦᠷᠭᠡ ᠶᠢ ᠰᠠᠶᠢᠲᠤᠷ ᠪᠡᠶᠡᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠨᠢᠭᠲᠠᠷᠠᠭᠤᠯᠵᠤ᠂ ᠪᠠᠶᠢᠷᠢᠯᠠᠭᠤᠯᠤᠯᠲᠠ ᠶᠢ ᠴᠢᠩᠭ᠎ᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠦᠨ ᠪᠠᠲᠤᠯᠠᠭ᠎ᠠ ᠶᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠶᠢ ᠪᠠᠲᠤᠯᠠᠬᠤ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠵᠠᠬᠢᠳᠠᠯ ᠰᠣᠷᠪᠤᠯᠵᠢᠯᠠᠭ᠎ᠠ ᠶᠢ ᠰᠠᠶᠢᠲᠤᠷ ᠬᠢᠬᠦ᠂ ᠲᠣᠭᠲᠠᠭᠤᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠵᠢᠱᠢᠶᠡᠴᠢ ᠪᠠᠶᠢᠭᠤᠯᠤᠯᠭ᠎ᠠ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠬᠦᠴᠦᠨ ᠴᠢᠳᠠᠯ ᠢᠶᠠᠨ ᠡᠷᠭᠦᠨ᠎ᠡ᠃ ᠪᠦᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ ᠴᠢᠩᠭᠠᠳᠬᠠᠬᠤ ᠬᠡᠷᠡᠭᠲᠡᠢ᠃ ᠤᠬᠠᠮᠰᠠᠷ ᠠᠴᠠ ᠪᠠᠨ ︽ᠭᠤᠷᠪᠠᠨ ᠦᠢᠯᠡᠴᠢᠯᠡᠭᠡ︾ ᠶᠢᠨ ᠠᠵᠢᠯ ᠢ ᠪᠦᠬᠦ ᠲᠠᠯ᠎ᠠ ᠶᠢᠨ ᠠᠵᠢᠯ ᠤᠨ ᠳᠤᠮᠳᠠ ᠲᠠᠯᠪᠢᠨ ᠠᠷᠭ᠎ᠠ ᠰᠦᠪᠡᠭᠴᠢᠯᠡᠨ ᠠᠬᠢᠭᠤᠯᠵᠤ᠂ ᠪᠠᠶᠢᠳᠠᠯ ᠢ ᠨᠢ ᠦᠵᠡᠵᠦ ᠪᠠᠴᠢᠮ ᠠᠯᠭᠤᠷ ᠢ ᠨᠢ ᠦᠵᠡᠵᠦ ᠪᠠᠶᠢᠷᠢᠯᠠᠭᠤᠯᠤᠨ᠂ ᠳᠡᠭᠡᠳᠦ ᠳᠣᠣᠷᠠᠳᠤ ᠱᠠᠲᠤ ᠲᠠᠢ ᠬᠤᠯᠪᠣᠭᠳᠠᠭᠤᠯᠤᠨ ᠨᠠᠪᠲᠠᠷᠡᠭᠦᠯᠵᠦ᠂ ᠳᠣᠲᠣᠭᠠᠳᠤ ᠭᠠᠳᠠᠭᠠᠳᠤ ᠶᠢ ᠲᠡᠩᠴᠡᠭᠦᠯᠦᠨ ᠬᠡᠷᠡᠭᠯᠡᠬᠦ ᠶᠢ ᠦᠨᠡᠨ ᠬᠦ ᠪᠡᠶᠡᠯᠡᠭᠦᠯᠵᠦ᠂ ᠳᠡᠭᠡᠳᠦ ᠱᠠᠲᠤ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠳᠣᠲᠣᠭᠠᠳᠤ ᠳᠠᠭᠠᠨ ᠬᠠᠮᠢᠶᠠᠷᠤᠯᠲᠠ ᠪᠠᠨ ᠴᠢᠩᠭᠠᠳᠬᠠᠵᠤ᠂ ᠭᠠᠳᠠᠭᠠᠳᠤ ᠲᠠᠢ ᠰᠠᠶᠢᠲᠤᠷ ᠵᠣᠬᠢᠴᠠᠭᠤᠯᠵᠤ᠂ ᠳᠣᠣᠷᠠᠳᠤ ᠱᠠᠲᠤ ᠳᠠᠭᠠᠨ ᠰᠠᠶᠢᠲᠤᠷ ᠦᠢᠯᠡᠴᠢᠯᠡᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠴᠥᠮ ᠳᠠᠶᠢᠴᠢᠯᠠᠵᠤ᠂ ᠡᠯ᠎ᠡ ᠵᠦᠢᠯ ᠤᠨ ᠠᠵᠢᠯ ᠤᠨ ᠪᠦᠬᠦ ᠲᠠᠯ᠎ᠠ ᠪᠠᠷ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠬᠤᠷᠳᠤᠴᠠ ᠪᠠᠨ ᠲᠦᠷᠭᠡᠳᠬᠡᠬᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠨᠡᠩ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ︽ᠦᠡᠭᠭᠡᠨ ᠲᠠᠯ᠎ᠠ ᠶᠢ ᠵᠠᠰᠠᠬᠤ︾ ᠪᠠ ︽ᠦᠨᠳᠦᠰᠦ ᠰᠤᠷᠪᠤᠯᠵᠢ ᠶᠢ ᠵᠠᠰᠠᠬᠤ︾ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ ᠤᠨ ᠬᠠᠭᠤᠴᠢᠨ ᠠᠰᠠᠭᠤᠳᠠᠯ᠂ ᠰᠢᠨ᠎ᠡ ᠢᠯᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠭ ᠥᠷᠨᠢᠭᠦᠯᠵᠦ ᠪᠠᠶᠢᠭ᠎ᠠ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠲᠤᠭ᠎ᠠ ᠬᠡᠮᠵᠢᠶ᠎ᠡ ᠶᠢ ᠪᠠᠭᠠᠰᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠺᠠᠳ᠋ᠷᠴᠤᠳ ᠲᠤ ᠠᠵᠢᠯ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠨᠡᠩ ᠤᠯᠠᠨ ᠴᠠᠭ ᠪᠠ ᠤᠶᠤᠨ ᠴᠢᠳᠠᠯ ᠲᠠᠢ ᠪᠣᠯᠭᠠᠬᠤ ᠬᠡᠷᠡᠭᠲᠡᠢ᠃ ︽ᠲᠤᠭ᠎ᠠ ᠬᠡᠮᠵᠢᠶ᠎ᠡ ᠶᠢ ᠪᠠᠭᠠᠰᠬᠠᠬᠤ︾ ᠪᠠ ︽ᠶᠠᠰᠤ ᠴᠢᠨᠠᠷ ᠢ ᠳᠡᠭᠡᠭᠰᠢᠯᠡᠭᠦᠯᠬᠦ︾ ᠶᠢ ᠵᠡᠷᠭᠡ ᠪᠠᠷ ᠶᠠᠪᠤᠭᠤᠯᠬᠤ ᠶᠢ ᠪᠠᠷᠢᠮᠲᠠᠯᠠᠵᠤ᠂ ᠪᠠᠭ ᠤᠨ ᠪᠦᠷᠢᠯᠳᠦᠭᠦᠨ ᠨᠠᠷ ᠰᠠᠶᠢᠲᠤᠷ ᠳᠠᠭᠠᠭᠤᠯᠵᠤ᠂ ᠴᠥᠭᠡᠨ ᠬᠤᠷᠠᠯ ᠬᠢᠵᠦ᠂ ᠣᠬᠤᠷ ᠬᠤᠷᠠᠯ ᠬᠢᠵᠦ᠂ ᠴᠢᠨᠠᠷ ᠴᠢᠨᠰᠠᠭ᠎ᠠ ᠲᠠᠢ ᠬᠤᠷᠠᠯ ᠬᠢᠵᠦ᠂ ᠲᠠᠷᠬᠠᠭᠠᠪᠠᠴᠤ ᠪᠣᠯᠬᠤ ᠲᠠᠷᠬᠠᠭᠠᠬᠤ ᠦᠭᠡᠢ ᠴᠦ ᠪᠣᠯᠬᠤ ᠪᠢᠴᠢᠭ ᠮᠠᠲ᠋ᠧᠷᠢᠶᠠᠯ ᠢ ᠲᠠᠷᠬᠠᠭᠠᠬᠤ ᠦᠭᠡᠢ ᠪᠠᠶᠢᠵᠤ᠂ ᠪᠢᠴᠢᠭ ᠮᠠᠲ᠋ᠧᠷᠢᠶᠠᠯ ᠬᠤᠷᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠱᠠᠲᠤᠨ ᠤ ᠺᠠᠳ᠋ᠷᠴᠤᠳ ᠢ ᠪᠢᠴᠢᠭ ᠮᠠᠲ᠋ᠧᠷᠢᠶᠠᠯ ᠠᠷᠪᠢᠳᠴᠤ ᠬᠤᠷᠠᠯ ᠤᠨ ᠬᠦᠯᠢᠶᠡᠰᠦᠯᠡᠯ ᠠᠴᠠ ᠦᠨᠡᠨ ᠬᠦ ᠠᠩᠭᠢᠵᠢᠷᠠᠭᠤᠯᠵᠤ᠂ ᠦᠷᠭᠦᠯᠵᠢᠯᠡᠨ ᠬᠦᠴᠦᠯᠡᠵᠦ᠂ ᠡᠴᠦᠰ ᠲᠤᠨᠢ ᠲᠤᠯᠲᠠᠯ᠎ᠠ ᠠᠳᠬᠤᠬᠤ ᠡᠷᠡᠰ ᠵᠣᠷᠢᠭ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠲᠠᠰᠤᠷᠠᠯᠳᠠ ᠦᠭᠡᠢ ᠲᠦᠯᠬᠢᠨ ᠤᠷᠤᠭᠰᠢᠯᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠢ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠳᠡᠭᠡᠷ᠎ᠡ ᠨᠢᠭᠡ ᠡᠭᠡᠯᠵᠢ ᠶᠢᠨ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠢᠴᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠡᠷᠭᠡ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠨᠢᠭᠡ ᠤᠳᠠᠭ᠎ᠠ ᠪᠦᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠳ᠋ᠤᠭᠠᠷ ᠢ ᠬᠠᠰᠤᠭᠰᠠᠨ ᠦᠭᠡᠢ ᠡᠭᠦᠷᠭᠡ ᠶᠢ ᠴᠢᠩᠭ᠎ᠠ ᠠᠩᠬᠠᠷᠴᠤ᠂ ︽ᠠᠰᠠᠭᠤᠳᠠᠯ ᠤᠨ ᠨᠠᠷᠢᠨ ᠲᠠᠩᠰᠠ︾ ᠶᠢ ︽ᠬᠠᠷᠢᠭᠤᠴᠠᠯᠭ᠎ᠠ ᠶᠢᠨ ᠨᠠᠷᠢᠨ ᠲᠠᠩᠰᠠ︾ ᠪᠣᠯᠭᠠᠵᠤ᠂ ᠨᠢᠭᠡᠳ ᠨᠢᠭᠡ ᠪᠠᠷ ᠱᠠᠯᠠᠪᠳᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠵᠤ᠂ ᠠᠰᠠᠭᠤᠳᠠᠯ ᠨᠢᠭᠡᠪᠦᠷᠢ ᠶᠢ ᠲᠤᠶᠢᠯᠪᠤᠷᠢᠲᠠᠢ ᠥᠭᠡᠷᠡᠴᠢᠯᠡᠵᠦ᠂ ᠪᠣᠳᠠᠲᠠᠢ ᠥᠭᠡᠷᠡᠴᠢᠯᠡᠵᠦ᠂ ᠲᠠᠬᠢᠨ ᠰᠡᠷᠭᠦᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠥᠳᠡᠯᠦᠩᠭᠦᠢ ᠪᠠᠷ ᠪᠠᠶᠢᠴᠠᠭᠠᠨ ᠦᠵᠡᠬᠦ ᠶᠢ ᠪᠠᠷᠢᠮᠲᠠᠯᠠᠬᠤ ᠬᠡᠷᠡᠭᠲᠡᠢ᠂ ᠢᠯᠠᠩᠭᠤᠶ᠎ᠠ ᠡᠮᠦᠨ᠎ᠡ ᠨᠢᠭᠡᠨᠲᠡ ᠵᠢᠭᠠᠵᠤ ᠭᠠᠷᠭᠠᠭᠰᠠᠨ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠪᠠ ᠳᠦᠷᠢᠮ ᠲᠣᠭᠲᠠᠭᠠᠯ ᠲᠣᠭᠲᠠᠭᠠᠬᠤ ᠶᠢ ᠤᠶᠠᠯᠳᠤᠭᠤᠯᠬᠤ ᠶᠢ ᠪᠡᠶᠡᠯᠡᠭᠦᠯᠵᠦ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠷᠠᠭᠤᠯᠵᠤ᠂ ᠠᠳᠠᠯᠢ ᠲᠦᠷᠦᠯ ᠤᠨ ᠠᠰᠠᠭᠤᠳᠠᠯ ᠲᠠᠬᠢᠨ ᠭᠠᠷᠬᠤ ᠠᠴᠠ ᠵᠠᠶᠢᠯᠠᠰᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠠᠪᠠᠭᠤᠯᠢᠭ ᠲᠠᠯ᠎ᠠ ᠶᠢ ᠪᠠᠲᠤᠳᠬᠠᠨ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ᠂ ᠡᠯ᠎ᠡ ᠵᠦᠢᠯ ᠤᠨ ᠠᠵᠢᠯ ᠤᠨ ᠪᠦᠬᠦ ᠲᠠᠯ᠎ᠠ ᠪᠠᠷ ᠳᠡᠭᠡᠭᠰᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠤᠶᠠᠷ ᠪᠦᠯᠦᠭ ᠭᠤᠣᠯ ᠰᠡᠳᠦᠪᠲᠦ ᠬᠥᠮᠦᠵᠢᠯ ᠢ ᠵᠣᠯᠭᠠᠭᠤᠯᠤᠨ ᠬᠤᠯᠪᠣᠯᠳᠤᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ᠃ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ ᠰᠣᠷᠣᠭᠰᠠᠨ ᠢᠶᠠᠨ ᠬᠡᠷᠡᠭᠯᠡᠬᠦ ᠶᠢ ᠲᠤᠪᠤᠶᠢᠯᠭᠠᠵᠦ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠨ ᠰᠠᠶᠢᠲᠤᠷ ᠠᠰᠢᠭᠯᠠᠵᠤ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠪᠠᠶᠢᠴᠠᠭᠠᠨ ᠦᠵᠡᠬᠦ᠂ ᠳᠦᠷᠢᠮ ᠲᠣᠭᠲᠠᠭᠠᠯ ᠲᠣᠭᠲᠠᠭᠠᠬᠤ ᠶᠢ ᠠᠬᠢᠭᠤᠯᠬᠤ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠰᠠᠶᠢᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠳᠬᠤᠬᠤ ᠬᠡᠷᠡᠭᠲᠡᠢ᠃ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠰᠠᠶᠢᠲᠤᠷ ᠬᠢᠵᠦ᠂ ᠲᠣᠭᠲᠠᠭᠰᠠᠨ ᠠᠵᠢᠯᠯᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠨ ᠰᠢᠪᠠᠳᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ ᠪᠣᠳᠠᠲᠠᠢ ᠠᠰᠠᠭᠤᠳᠠᠯ ᠪᠠ ᠣᠯᠠᠨ ᠲᠦᠮᠡᠨ ᠤ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠦᠴᠦ ᠲᠠᠯᠪᠢᠬᠤ ᠶᠢ ᠲᠦᠯᠬᠢᠨ ᠠᠬᠢᠭᠤᠯᠵᠤ᠂ ᠲᠤᠬᠠᠶᠢᠯᠠᠭᠰᠠᠨ ᠠᠵᠢᠯ ᠯᠤᠭ᠎ᠠ ᠠᠭᠤᠰᠤᠯᠴᠠᠭᠤᠯᠤᠨ ᠠᠬᠢᠭᠤᠯᠬᠤ ᠲᠠᠯ᠎ᠠ ᠪᠠᠷ ᠬᠦᠴᠦ ᠲᠠᠯᠪᠢᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ᠂ ᠶᠣᠰᠣ ᠳᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠥᠨᠳᠥᠷᠴᠡ  ᠠᠴᠠ ᠵᠢᠵᠢᠭᠦᠷᠯᠡᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠲᠥᠯᠥᠪᠯᠡᠭᠡ ᠶᠣᠰᠣᠭᠠᠷ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠢᠵᠢᠭᠦᠷᠯᠡᠭᠴᠢ ᠵᠢᠵᠢᠭᠦᠷ ᠤᠨ ᠲᠡᠮᠳᠡᠭᠯᠡᠯ᠂ ᠪᠢᠴᠢᠭ ᠮᠠᠲ᠋ᠧᠷᠢᠶᠠᠯ ᠢ ᠬᠤᠷᠢᠶᠠᠨ ᠳᠠᠮᠵᠢᠭᠤᠯᠬᠤ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠶᠠᠪᠤᠳᠠᠯ ᠪᠠᠴᠢᠮ ᠶᠠᠪᠤᠳᠠᠯ ᠲᠣᠬᠢᠶᠠᠯᠳᠤᠪᠠᠯ ᠳᠠᠷᠤᠢ ᠲᠦᠷᠭᠡᠨ ᠴᠤᠤᠷᠢᠶᠠᠲᠤᠨ ᠳᠠᠭᠠᠵᠤ᠂ ᠪᠦᠲᠦᠮᠵᠢᠲᠡᠢ ᠰᠢᠢᠳᠪᠦᠷᠢᠯᠡᠵᠦ᠂ ᠬᠠᠷᠢᠭᠤᠴᠠᠯᠭ᠎ᠠ ᠲᠣᠳᠣᠷᠬᠠᠢ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠭᠰᠡᠨ ᠵᠢᠵᠢᠭᠦᠷᠯᠡᠬᠦ ᠠᠵᠢᠯ ᠤᠨ ᠪᠠᠶᠢᠷᠢᠰᠢᠯ ᠢ ᠦᠨᠡᠨᠬᠦ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ