ᠣᠳᠣᠬᠠᠨ ᠳᠤ᠂ ᠣᠷᠳᠣᠰ ᠬᠤᠳᠠ ᠶᠢᠨ ᠦᠦᠰᠢᠨ ᠬᠤᠰᠢᠭᠤᠨ ᠤ ᠵᠡᠭᠡᠯᠢ ᠭᠤᠳᠤᠮᠵᠢ ᠪᠠᠷ ᠶᠠᠪᠤᠬᠤ ᠳᠤ᠂ ᠠᠰᠠᠷ ᠲᠠᠭᠲᠤ ᠰᠡᠬᠦᠶᠢᠨ ᠰᠦᠨᠳᠡᠷᠯᠡᠵᠦ᠂ ᠵᠠᠮ | ᠠᠭᠤᠵᠢᠮ᠂ ᠤᠢ ᠮᠣᠳᠣ ᠬᠥᠬᠡᠷᠡᠨ ᠨᠣᠭᠤᠭᠠᠷᠠᠵᠤ᠂ ᠦᠵᠡᠮᠵᠢ ᠨᠢ ᠭᠤᠶᠢᠳᠠ ᠰᠠᠶᠢᠬᠠᠨ ᠃ ᠴᠣᠩᠬᠤ ᠨᠡᠭᠡᠭᠡᠪᠡᠯ ᠨᠣᠭᠤᠭᠠᠨ ᠥᠩᠭᠡ ᠬᠠᠷᠠᠬᠤ᠂ ᠡᠭᠦᠳᠡ ᠪᠠᠨ | ᠨᠡᠭᠡᠭᠡᠵᠦ ᠴᠡᠴᠡᠷᠯᠢᠭ ᠢ ᠬᠠᠷᠠᠬᠤ ᠨᠢ ᠨᠢᠭᠡᠨᠲᠡ ᠦᠦᠰᠢᠨ ᠬᠤᠰᠢᠭᠤᠨ ᠤ ᠠᠷᠠᠳ ᠲᠦᠮᠡᠨ ᠤ ᠡᠳᠦᠷ ᠲᠤᠳᠤᠮ ᠤᠨ ᠠᠮᠢᠳᠤᠷᠠᠯ ᠪᠤᠯᠵᠠᠢ ᠃ | | | | | ᠠᠷᠠᠳ ᠤᠨ ᠲᠠᠯᠠᠪᠠᠢ | | ᠡᠨᠡ ᠵᠢᠯ ᠠᠴᠠ ᠨᠠᠰᠢ᠂ ᠣᠷᠳᠣᠰ ᠬᠤᠳᠠ ᠶᠢᠨ ᠦᠦᠰᠢᠨ ᠬᠤᠰᠢᠭᠤᠨ ᠤ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠰᠠᠭᠤᠭᠠᠯᠢ ᠠᠷᠠᠳ ᠤᠨ ᠪᠤᠳᠤᠵᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ | ᠬᠤᠳᠠ ᠶᠢᠨ ᠴᠢᠨᠠᠷ ᠴᠢᠨᠰᠠᠭ᠎ᠠ ᠶᠢᠨ ᠠᠮᠢᠳᠤᠷᠠᠯ ᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠬᠤᠳᠠ ᠶᠢᠨ ᠶᠠᠪᠤᠳᠠᠯ᠂ ᠬᠠᠭᠤᠴᠢᠨ ᠰᠠᠭᠤᠭᠠᠯᠢ | ᠲᠣᠭᠤᠷᠢᠭ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠪᠢᠴᠢᠯ ᠥᠭᠡᠷᠡᠴᠢᠯᠡᠯᠲᠡ᠂ ᠨᠠᠷᠢᠯᠢᠭ ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠵᠦ | ᠂ ᠤᠯᠠᠨ ᠲᠦᠮᠡᠨ ᠤ ᠳᠡᠷᠭᠡᠳᠡᠬᠢ ︽ᠬᠠᠷᠮᠠᠨ ᠴᠡᠴᠡᠷᠯᠢᠭ︾ ︽ᠵᠢᠵᠢᠭ ᠪᠢᠴᠢᠯ ᠨᠣᠭᠤᠭᠠᠨ ᠭᠠᠵᠠᠷ︾ ᠢ ᠪᠠᠶᠢᠭᠤᠯᠵᠤ᠂ ︽ᠬᠤᠳᠠ ᠶᠢᠨ ᠲᠦᠭᠵᠢᠷᠡᠯ︾ ᠢ ︽ᠵᠣᠯ | ᠵᠢᠷᠭᠠᠯ ᠤᠨ ᠴᠡᠭ︾ ᠪᠣᠯᠭᠠᠵᠤ᠂ ᠰᠠᠭᠤᠭᠠᠯᠢ ᠠᠷᠠᠳ ᠤᠨ ᠠᠮᠢᠳᠤᠷᠠᠯ ᠢ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠪᠣᠯᠭᠠᠵᠤ᠂ ᠰᠠᠭᠤᠭᠠᠯᠢ ᠠᠷᠠᠳ ᠤᠨ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠥᠷᠥᠭᠳᠡᠯ ᠢ ᠦᠨᠡᠨᠬᠦ ᠨᠡᠮᠡᠭᠳᠡᠭᠦᠯᠪᠡ᠃ | | | | | ᠬᠤᠳᠠ ᠶᠢᠨ ᠨᠢᠭᠡ ᠥᠨᠴᠥᠭ | | | | | ᠬᠤᠲᠠ ᠶᠢᠨ ᠵᠠᠮ | | | ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠬᠤᠳᠠ ᠶᠢ ᠭᠤᠶᠤ ᠰᠠᠶᠢᠬᠠᠨ ᠪᠤᠯᠭᠠᠪᠠ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠤᠳᠠ ᠶᠢᠨ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠬᠦ ᠳᠡᠭᠡᠷ᠎ᠡ ᠦᠷᠭᠦᠯᠵᠢᠯᠡᠨ | ᠬᠦᠴᠦᠯᠡᠪᠡ᠃ ᠬᠤᠲᠠ ᠶᠢᠨ ᠵᠠᠮ ᠢ 3 ᠵᠤᠷᠪᠤᠰ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠪᠠ᠃ ᠲᠦᠭᠡᠭᠡᠯ ᠤᠰᠤᠨ ᠤ ᠬᠤᠭᠤᠯᠠᠢ ᠲᠣᠣᠷ ᠤᠨ | ᠥᠭᠡᠷᠡᠴᠢᠯᠡᠯᠲᠡ ᠶᠢ 23.5 ᠺᠢᠯᠣᠮᠧᠲᠷ ᠪᠡᠶᠡᠯᠡᠭᠦᠯᠪᠡ︔ ᠳᠤᠮᠳᠠ ᠵᠡᠷᠭᠡ ᠶᠢᠨ ᠤᠰᠤᠨ ᠬᠤᠭᠤᠯᠠᠢ ᠲᠣᠣᠷ ᠢ 6 ᠺᠢᠯᠣᠮᠧᠲᠷ ᠰᠢᠨ᠎ᠡ ᠪᠠᠷ ᠪᠠᠶᠢᠭᠤᠯᠪᠠ ︔ | ᠭᠠᠯᠠᠭᠤᠳᠤ ᠪᠠᠯᠭᠠᠰᠤ ᠲᠣᠭᠤᠷᠢᠭ ᠤᠨ 11 ᠵᠤᠷᠪᠤᠰ ᠭᠤᠣᠯ ᠳᠡᠳ᠋ ᠵᠠᠮ ᠱᠤᠭᠤᠮ ᠢ ᠥᠭᠡᠷᠡᠴᠢᠯᠡᠵᠦ᠂ 9 ᠵᠤᠷᠪᠤᠰ ᠭᠤᠳᠤᠮᠵᠢ ᠶᠢᠨ ᠪᠣᠰᠤᠭ᠎ᠠ ᠲᠠᠯ᠎ᠠ ᠶᠢᠨ 12. | 33 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ︔ 10.7 ᠲᠦᠮᠡᠨ ᠲᠡᠭᠰᠢ ᠳᠥᠷᠪᠡᠯᠵᠢᠨ ᠮᠧᠲᠷ ᠢ ᠬᠠᠲᠠᠭᠤᠷᠠᠭᠤᠯᠵᠤ᠂ 525 ᠨᠡᠶᠢᠲᠡ ᠶᠢᠨ ᠲᠡᠷᠭᠡ | ᠵᠣᠭᠰᠤᠭᠠᠬᠤ ᠭᠠᠵᠠᠷ ᠢ ᠨᠡᠮᠡᠨ ᠪᠠᠶᠢᠭᠤᠯᠵᠤ᠂ 13.7 ᠲᠦᠮᠡᠨ ᠲᠡᠭᠰᠢ ᠳᠥᠷᠪᠡᠯᠵᠢᠨ ᠮᠧᠲᠷ ᠢ ᠨᠣᠭᠤᠭᠠᠷᠠᠭᠤᠯᠪᠠ︔ 36 ᠵᠢᠵᠢᠭ ᠲᠣᠭᠤᠷᠢᠭ ᠢ ᠳᠡᠭᠡᠭᠰᠢᠯᠡᠭᠦᠯᠦᠨ | ᠥᠭᠡᠷᠡᠴᠢᠯᠡᠬᠦ ᠶᠢ ᠪᠡᠶᠡᠯᠡᠭᠦᠯᠪᠡ᠃ ᠬᠤᠲᠠ ᠶᠢᠨ ᠤᠰᠤᠲᠤᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠠᠪᠴᠠᠩ ᠢ ᠰᠦᠯᠵᠢᠶᠡᠨ ᠳᠤ ᠣᠷᠣᠭᠤᠯᠤᠨ | ᠠᠵᠢᠯᠯᠠᠭᠤᠯᠵᠤ᠂ ᠬᠤᠲᠠ ᠶᠢᠨ ᠵᠠᠮ ᠰᠠᠭᠠᠳ ᠦᠭᠡᠢ ᠨᠡᠪᠲᠡᠷᠡᠬᠦ᠂ ᠬᠤᠭᠤᠯᠠᠢ ᠲᠣᠣᠷ ᠤᠨ ᠰᠢᠨᠡᠳᠦᠭᠰᠡᠨ ᠡᠮᠬᠢ ᠵᠢᠷᠤᠮ ᠲᠠᠢ ᠴᠤ᠋ ᠰᠢᠨ᠎ᠡ ᠳᠦᠷᠢ ᠲᠥᠷᠬᠦ ᠪᠤᠢ | ᠪᠤᠯᠵᠠᠢ᠃ | | | | | ᠪᠠᠶᠠᠨ ᠵᠠᠮ ᠤᠨ ᠰᠤᠩᠭᠠᠭᠰᠠᠨ ᠱᠤᠭᠤᠮ ᠤᠨ ᠬᠤᠲᠠ ᠶᠢᠨ ᠵᠠᠮ | | | | | ᠬᠠᠪᠳᠠᠭᠠᠢ ᠶᠢᠨ ᠥᠭᠡᠷᠡᠴᠢᠯᠡᠯᠲᠡ | | | | | ᠭᠠᠯᠠᠭᠤᠳᠤ ᠰᠤᠷᠭᠠᠭᠤᠯᠢ | | | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ ᠬᠤᠲᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠣᠯ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠴᠢᠬᠤᠯᠠ ᠠᠭᠤᠯᠭ᠎ᠠ | ᠪᠣᠯᠣᠨ᠎ᠠ᠂ ᠦᠦᠰᠢᠨ ᠬᠤᠰᠢᠭᠤᠨ ᠤ ᠬᠢᠨ ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠨᠢᠭᠡ ᠲᠥᠰᠥᠯ ᠭᠠᠷᠭᠠᠬᠤ ᠶᠢ ᠪᠠᠷᠢᠮᠲᠠᠯᠠᠵᠤ᠂ ᠪᠠᠭ᠎ᠠ ᠲᠣᠭᠤᠷᠢᠭ ᠲᠤ | ᠬᠠᠲᠠᠭᠤᠷᠠᠭᠤᠯᠬᠤ᠂ ᠳᠤᠯᠠᠭᠠᠯᠭ᠎ᠠ ᠶᠢᠨ ᠬᠤᠭᠤᠯᠠᠢ ᠲᠣᠣᠷ᠂ ᠤᠰᠤ ᠬᠠᠩᠭᠠᠬᠤ ᠬᠤᠭᠤᠯᠠᠢ ᠲᠣᠣᠷ᠂ ᠪᠣᠬᠢᠷ ᠤᠰᠤᠨ ᠤ ᠬᠤᠭᠤᠯᠠᠢ ᠲᠣᠣᠷ᠂ ᠡᠨᠧᠷᠭᠢ ᠠᠷᠪᠢᠯᠠᠬᠤ᠂ | ᠭᠡᠷ ᠤᠨ ᠣᠷᠣᠢ ᠶᠢᠨ ᠤᠰᠤ ᠶᠢ ᠰᠡᠷᠭᠡᠶᠢᠯᠡᠬᠦ ᠵᠡᠷᠭᠡ ᠲᠠᠯ᠎ᠠ ᠠᠴᠠ ᠭᠠᠷᠳᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠪᠠᠷᠢᠯᠭ᠎ᠠ ᠪᠣᠯᠣᠨ ᠢᠵᠢ | ᠪᠦᠷᠢᠳᠦᠭᠦᠯᠦᠭᠰᠡᠨ ᠲᠥᠬᠦᠭᠡᠷᠦᠮᠵᠢ ᠶᠢᠨ ᠡᠪᠳᠡᠷᠡᠵᠦ ᠬᠠᠭᠤᠴᠢᠷᠠᠬᠤ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠪᠦᠷᠢᠨ ᠪᠤᠰᠤ ᠪᠠᠶᠢᠬᠤ ᠵᠡᠷᠭᠡ ᠠᠰᠠᠭᠤᠳᠠᠯ ᠢ | ᠦᠨᠡᠨᠬᠦ ᠰᠢᠢᠳᠪᠦᠷᠢᠯᠡᠪᠡ᠃ ᠣᠲᠣ ᠪᠣᠯᠲᠠᠯ᠎ᠠ᠂ ᠨᠠᠨᠳᠢᠨ ᠵᠢᠵᠢᠭ ᠲᠣᠭᠤᠷᠢᠭ᠂ ᠷᠠᠳᠢᠣ᠋ ᠲᠧᠯᠸᠢᠰ ᠤᠨ ᠵᠢᠵᠢᠭ ᠲᠣᠭᠤᠷᠢᠭ ᠵᠡᠷᠭᠡ 18 ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 16 ᠴᠠᠬᠢᠯᠭᠠᠨ ᠱᠠᠲᠤ ᠶᠢ ᠨᠡᠮᠡᠨ ᠤᠭᠰᠠᠷᠠᠵᠤ᠂ ᠵᠣᠯ ᠵᠢᠷᠭᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ | ︽ᠨᠢᠭᠡ ᠯᠡ ᠲᠣᠪᠴᠢ ᠪᠠᠷ ᠰᠢᠭᠤᠳ ᠬᠦᠷᠭᠡᠬᠦ︾ ᠪᠤᠯᠭᠠᠪᠠ᠃ | | | | | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠵᠤ ᠪᠠᠶᠢᠭ᠎ᠠ ᠨᠢ | | | ᠬᠠᠷᠮᠠᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠬᠤᠲᠠ ᠶᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠤᠯᠭᠠᠪᠠ | ᠬᠤᠲᠠ ᠪᠠᠯᠭᠠᠰᠤ ᠶᠢᠨ ᠴᠡᠴᠡᠷᠯᠢᠭ ᠤᠨ ᠠᠮᠢ ᠠᠬᠤᠢ ᠶᠢᠨ ᠰᠡᠷᠭᠦᠭᠡᠯᠲᠡ ᠶᠢ ᠦᠷᠭᠦᠯᠵᠢᠯᠡᠨ ᠠᠬᠢᠭᠤᠯᠤᠨ᠎ᠠ᠃ ᠨᠤᠷᠠᠭᠠᠨ ᠪᠠᠶᠢᠭᠤᠯᠵᠤ ᠨᠣᠭᠤᠭᠠᠷᠠᠭᠤᠯᠬᠤ᠂ | ᠵᠠᠪᠰᠠᠷ ᠢ ᠨᠢ ᠦᠵᠡᠵᠦ ᠨᠣᠭᠤᠭᠠᠷᠠᠭᠤᠯᠬᠤ᠂ ᠬᠠᠳᠠᠭᠤᠷᠠᠯ ᠢ ᠡᠪᠳᠡᠨ ᠨᠣᠭᠤᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠣᠭᠤᠭᠠᠷᠠᠭᠤᠯᠤᠯᠲᠠ ᠶᠢᠨ | ᠬᠡᠮᠵᠢᠶ᠎ᠡ ᠶᠢ ᠨᠡᠮᠡᠭᠳᠡᠭᠦᠯᠵᠦ᠂ ᠪᠠᠶᠢᠷᠢᠰᠢᠭᠤᠯᠤᠯᠲᠠ ᠨᠢ ᠲᠡᠩᠴᠡᠭᠦᠷᠢᠲᠡᠢ᠂ ᠴᠢᠳᠠᠮᠵᠢ ᠨᠢ ᠪᠦᠷᠢᠨ ᠲᠡᠭᠦᠯᠳᠡᠷ᠂ ᠦᠵᠡᠮᠵᠢ ᠨᠢ ᠭᠤᠶᠢᠳᠠ ᠰᠠᠶᠢᠬᠠᠨ ᠬᠤᠲᠠ ᠶᠢᠨ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠭᠤᠯᠬᠤ ᠲᠠᠯ᠎ᠠ ᠪᠠᠷ ᠣᠷᠳᠣ ᠬᠤᠭᠤᠴᠠᠭ᠎ᠠ ᠪᠠᠷ ᠴᠢᠷᠮᠠᠶᠢᠨ᠂ ᠦᠷᠭᠦᠯᠵᠢᠯᠡᠨ ᠬᠦᠴᠦᠯᠡᠪᠡ᠃ | ᠣᠳᠣᠬᠠᠨ ᠳᠤ ᠭᠠᠯᠠᠭᠤᠲᠤ ᠪᠠᠯᠭᠠᠰᠤᠨ ᠤ ᠪᠠᠶᠢᠭᠤᠯᠤᠭᠰᠠᠨ ᠲᠣᠭᠤᠷᠢᠭ ᠤᠨ ᠨᠤᠭᠤᠭᠠᠷᠠᠭᠤᠯᠤᠯᠳᠠ ᠶᠢᠨ ᠲᠠᠯᠠᠪᠠᠶ ᠨᠢ 851.53 ᠾᠧᠺᠲ᠋ᠠᠷ᠂ ᠴᠡᠴᠡᠷᠯᠢᠭ ᠤᠨ | ᠨᠤᠭᠤᠭᠠᠷᠠᠭᠤᠯᠤᠯᠳᠠ ᠶᠢᠨ ᠲᠠᠯᠠᠪᠠᠶ ᠨᠢ 166.09 ᠾᠧᠺᠲ᠋ᠠᠷ᠂ ᠨᠤᠭᠤᠭᠠᠷᠠᠭᠤᠯᠤᠯᠳᠠ ᠶᠢᠨ ᠵᠠᠮ ᠤᠨ ᠣᠷᠳᠣ ᠨᠢ 6.09 ᠺᠢᠯᠣᠮᠧᠲᠷ᠂ ᠬᠥᠮᠥᠨ ᠪᠦᠷᠢ ᠳᠤ | ᠳᠤᠮᠳᠠᠴᠢ ᠪᠠᠷ ᠨᠤᠭᠤᠭᠠᠷᠠᠭᠤᠯᠤᠯᠳᠠ ᠶᠢᠨ ᠲᠠᠯᠠᠪᠠᠶ ᠨᠢ 41.18 ᠲᠡᠭᠰᠢ ᠳᠥᠷᠪᠡᠯᠵᠢᠨ ᠮᠧᠲᠷ ᠪᠠᠶᠢᠨ᠎ᠠ᠃ ᠶᠡᠷᠦᠩᠬᠡᠶᠢᠯᠡᠭᠰᠡᠨ ᠴᠢᠨᠠᠷᠲᠠᠢ ᠴᠡᠴᠡᠷᠯᠢᠭ 7᠂ ᠬᠠᠷᠮᠠᠨ | ᠴᠡᠴᠡᠷᠯᠢᠭ 15᠂ ᠵᠢᠵᠢᠭ ᠵᠤᠭᠠᠴᠠᠯ ᠤᠨ ᠴᠡᠴᠡᠷᠯᠢᠭ 3 ᠪᠠᠶᠢᠭᠤᠯᠪᠠ᠃ ᠤᠢ ᠮᠣᠳᠣ ᠬᠥᠬᠡᠷᠡᠨ ᠨᠣᠭᠤᠭᠠᠷᠠᠭᠰᠠᠨ᠂ ᠬᠤᠳᠠ ᠴᠡᠴᠡᠷᠯᠢᠭ ᠠᠭᠤᠰᠤᠯᠴᠠᠭᠰᠠᠨ᠂ ᠨᠤᠮᠢᠨ | ᠤᠰᠤ ᠠᠯᠠᠭᠯᠠᠭᠰᠠᠨ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠠᠩᠬ᠎ᠠ ᠠᠯᠬᠤᠮ | ᠪᠦᠷᠢᠯᠳᠦᠭᠦᠯᠵᠦ᠂ ᠬᠤᠳᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠶᠡᠷᠦᠩᠬᠡᠶᠢᠯᠡᠭᠰᠡᠨ ᠳᠠᠭᠠᠭᠠᠴᠠ ᠶᠢ | ᠢᠯᠡᠳᠲᠡ ᠨᠡᠮᠡᠭᠳᠡᠭᠦᠯᠪᠡ᠃ | | | | | ᠬᠤᠩᠴᠢᠨ ᠨᠠᠭᠤᠷ ᠴᠡᠴᠡᠷᠯᠢᠭ | | | | | ᠬᠤᠩᠴᠢᠨ ᠨᠠᠭᠤᠷ ᠤᠨ ᠬᠥᠪᠡᠭᠡᠨ ᠳᠠᠬᠢ ᠪᠠᠭ᠎ᠠ ᠲᠣᠭᠤᠷᠢᠭ ᠤᠨ ᠬᠠᠷᠮᠠᠨ ᠴᠡᠴᠡᠷᠯᠢᠭ | | | | | ᠠᠷᠠᠳ ᠤᠨ ᠲᠠᠯᠠᠪᠠᠢ ᠶᠢᠨ ᠨᠤᠭᠤᠭᠠᠷᠠᠭᠤᠯᠤᠯᠳᠠ | | | ᠣᠷᠳᠣᠰ ᠬᠤᠳᠠ ᠶᠢᠨ ᠦᠦᠰᠢᠨ ᠬᠤᠰᠢᠭᠤᠨ ᠤ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ | ᠠᠷᠠᠳ ᠤᠨ ᠬᠤᠳᠠ ᠶᠢᠨ ᠬᠢᠨ ᠠᠷᠠᠳ ᠪᠠᠶᠢᠭᠤᠯᠬᠤ᠂ ᠠᠷᠠᠳ ᠤᠨ ᠬᠤᠳᠠ ᠠᠷᠠᠳ ᠲᠦᠮᠡᠨ ᠳᠤ ᠦᠢᠯᠡᠴᠢᠯᠡᠬᠦ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ | ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠢᠷᠡᠭᠡᠳᠦᠢ ᠶᠢ ᠪᠠᠷᠠᠯᠠᠵᠦ᠂ ᠬᠤᠳᠠ ᠶᠢᠨ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠ ᠶᠢᠨ | ᠥᠩᠭᠡ ᠵᠢᠰᠦ ᠶᠢ ᠴᠢᠮᠡᠭᠯᠡᠨ᠎ᠡ᠃ ᠲᠡᠷᠢᠭᠦᠨ ᠵᠡᠷᠭᠡ ᠶᠢᠨ ᠬᠤᠳᠠ ᠶᠢᠨ ᠳᠦᠷᠢ ᠲᠥᠷᠬᠦ ᠶᠢ ᠴᠣᠭᠴᠠᠯᠠᠬᠤ ᠰᠢᠨ᠎ᠡ ᠠᠶᠠᠨ ᠵᠠᠮ ᠳᠤ᠂ ᠤᠷᠠᠨ ᠲᠠᠷᠬᠠᠨ ᠤ ᠵᠣᠷᠢᠭ | ᠰᠠᠨᠠᠭ᠎ᠠ ᠶᠢ ᠦᠢᠯᠡᠳᠦᠯᠭᠡᠵᠢᠭᠦᠯᠵᠦ᠂ ᠬᠤᠸᠠᠷ ᠬᠠᠳᠬᠤᠬᠤ ᠡᠷᠳᠡᠮ ᠢ ᠰᠠᠶᠢᠲᠤᠷ ᠭᠠᠷᠭᠠᠵᠤ᠂ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠨ᠎ᠠ᠃ | |