ᠨᠡᠶᠢᠭᠡᠮ ᠵᠢᠷᠤᠮᠳᠦ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠠᠯᠠᠭᠤ ᠺᠠᠳ᠋ᠷᠴᠤᠳ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠳᠠᠪᠤᠷᠢᠲᠠᠨ ᠤ ᠬᠥᠭᠵᠢᠯᠲᠡ ᠶᠢᠨ ᠲᠤᠰᠬᠠᠢ ᠲᠥᠯᠦᠪᠵᠢᠭᠦᠯᠭᠡ︾ ᠶᠢ | ᠬᠡᠷᠡᠭᠵᠢᠭᠦᠯᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠭᠤᠷᠪᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ | ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠤᠯᠪᠠᠰᠤᠷᠠᠯ ᠤᠨ ᠠᠩᠭᠢ ᠡᠷᠬᠢᠯᠡᠪᠡ᠂ ᠲᠢᠩᠬᠢᠮ ᠤᠨ ᠰᠢᠰᠲ᠋ᠧᠮ ᠤᠨ 80 ᠵᠠᠯᠠᠭᠤ ᠺᠠᠳ᠋ᠷ ᠪᠤᠯᠪᠠᠰᠤᠷᠠᠯ ᠳᠤ ᠣᠷᠣᠯᠴᠠᠵᠠᠢ᠃ | | | | | | | | | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠠᠵᠢᠯᠲᠠᠨ ᠤ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠨ ᠨᠦᠬᠦᠷ ᠠᠴᠠ᠂ ᠵᠠᠯᠠᠭᠤ ᠺᠠᠳ᠋ᠷᠴᠤᠳ ᠢ ᠰᠠᠶᠢᠲᠤᠷ | ᠬᠥᠮᠥᠵᠢᠭᠦᠯᠬᠦ ᠨᠢ ᠠᠵᠢᠯ ᠦᠢᠯᠡᠰ ᠤᠨ ᠦᠶ᠎ᠡ ᠶᠢᠨ ᠦᠶ᠎ᠡ ᠳᠤ ᠤᠯᠠᠮᠵᠢᠯᠠᠭᠳᠠᠬᠤ ᠲᠠᠢ ᠬᠤᠯᠪᠣᠭᠳᠠᠵᠤ᠂ ᠤᠯᠤᠰ ᠤᠨ ᠠᠯᠤᠰ ᠬᠡᠳᠤ ᠶᠢᠨ ᠬᠥᠭᠵᠢᠯᠲᠡ ᠲᠠᠢ | ᠬᠤᠯᠪᠣᠭᠳᠠᠨ᠎ᠠ᠃ ᠵᠠᠯᠠᠭᠤ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠯᠤᠰ ᠬᠡᠳᠦ ᠶᠢᠨ ᠬᠠᠷᠠᠯᠲᠠ ᠶᠢ ᠪᠤᠢ ᠪᠣᠯᠭᠠᠵᠤ᠂ | ᠬᠤᠪᠢ ᠬᠥᠮᠥᠨ ᠤ ᠦᠰᠦᠨ ᠪᠤᠶᠢᠵᠢᠯᠲᠠ ᠪᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ | ᠡᠨᠡᠬᠦ ᠦᠢᠯᠡᠰ ᠲᠤ ᠠᠭᠤᠰᠤᠯᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ | ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ︽ ᠰᠢᠨ᠎ᠡ ᠵᠠᠮ ᠢ ᠡᠭᠦᠳᠴᠦ᠂ ᠳᠤᠮᠳᠠ ᠤᠷᠤᠰᠬᠠᠯ ᠳᠤ | ᠣᠷᠣᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠯᠠᠪᠳᠠᠭᠤᠨ ᠪᠠᠲᠤᠲᠠᠢ ᠠᠵᠢᠯᠯᠠᠬᠤ ᠬᠡᠷᠡᠭᠲᠡᠢ᠃ ᠤᠷᠳᠤ ᠬᠤᠭᠤᠴᠠᠭ᠎ᠠ ᠪᠠᠷ ᠰᠤᠷᠤᠯᠴᠠᠬᠤ ᠶᠢ | ᠪᠠᠷᠢᠮᠲᠠᠯᠠᠵᠤ᠂ ᠠᠵᠢᠯ ᠤᠨ ᠰᠡᠳᠬᠢᠴᠡ ᠪᠠᠨ ᠥᠷᠭᠡᠳᠬᠡᠵᠦ᠂ ᠣᠶᠢᠯᠠᠭᠠᠮᠵᠢᠲᠠᠢ ᠰᠡᠳᠬᠢᠬᠦᠢ ᠶᠢ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤ | ᠺᠠᠳ᠋ᠷᠴᠤᠳ ᠲᠤ ᠳᠤᠷᠠᠳᠤᠭᠰᠠᠨ ︽ᠲᠤᠯᠤᠭᠠᠨ ᠵᠦᠢᠯ ᠤᠨ ᠴᠢᠳᠠᠪᠤᠷᠢ︾ ᠶᠢ ᠴᠢᠷᠮᠠᠶᠢᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠪᠤᠯᠪᠠᠰᠤᠷᠠᠯ ᠢ ᠲᠤᠰᠬᠠᠢ ᠰᠡᠳᠦᠪ ᠢᠶᠠᠷ ᠵᠢᠯᠤᠭᠤᠳᠬᠤ ᠪᠠ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠬᠡᠯᠪᠡᠷᠢ ᠪᠠᠷ ᠥᠷᠨᠢᠭᠦᠯᠵᠦ᠂ ᠬᠢᠴᠢᠶᠡᠯ ᠨᠢ | ᠭᠤᠣᠯᠳᠠᠭᠤ ᠪᠦᠯᠬᠦᠮ ᠨᠡᠶᠢᠲᠡ ᠶᠢᠨ ᠤᠳᠤᠷᠢᠳᠬᠤ ᠬᠦᠴᠦᠨ ᠪᠠ ᠬᠡᠷᠡᠭᠵᠢᠭᠦᠯᠬᠦ ᠬᠦᠴᠦᠨ ᠤ ᠪᠠᠶᠢᠭᠤᠯᠤᠯᠲᠠ᠂ ᠳᠤᠮᠳᠠᠳᠤ ᠤᠯᠤᠰ ᠤᠨ ᠲᠡᠦᠬᠡ ᠶᠢᠨ ᠪᠠᠷᠢᠯᠭ᠎ᠠ ᠪᠠ | ᠶᠡᠷᠦᠩᠬᠡᠶᠢᠯᠡᠭᠰᠡᠨ ᠡᠬᠡ ᠪᠢᠴᠢᠭ ᠤᠨ ᠵᠣᠬᠢᠶᠠᠨ ᠪᠢᠴᠢᠯᠭᠡ ᠵᠡᠷᠭᠡ ᠲᠠᠯ᠎ᠠ ᠶᠢᠨ ᠠᠭᠤᠯᠭ᠎ᠠ ᠶᠢ ᠵᠢᠭᠠᠵᠠᠢ᠂ ᠬᠤᠷᠢᠨᠭᠡᠷ ᠰᠢᠨ᠎ᠡ ᠲᠣᠭᠤᠷᠢᠭ ᠤᠨ ᠬᠤᠲᠠ ᠶᠢᠨ | ᠲᠣᠭᠠᠴᠢᠯᠠᠭᠰᠠᠨ ᠦᠵᠡᠭᠦᠯᠦᠯᠭᠡ ᠶᠢᠨ ᠲᠥᠪ ᠪᠠ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠨᠳᠡᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ | ᠪᠤᠯᠪᠠᠰᠤᠷᠠᠯ ᠤᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠠᠮᠢᠳᠤᠯᠢᠭ᠂ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ | ᠰᠤᠷᠤᠭᠴᠢᠳ ᠤᠨ ᠣᠯᠣᠯᠲᠠ ᠡᠯᠪᠡᠭ ᠪᠤᠯᠵᠠᠢ᠃ | | | | | | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠣᠷᠣᠭᠴᠢ ᠶᠢᠨ ᠲᠥᠯᠥᠭᠡᠯᠡᠭᠴᠢ 2 ᠬᠦᠮᠦᠨ ᠲᠣᠰ ᠲᠣᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠠᠵᠢᠯᠲᠠᠨ ᠤ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠷᠬᠢᠯᠡᠬᠦ ᠪᠤᠯ ᠂ | ᠲᠢᠩᠬᠢᠮ ᠤᠨ ᠰᠢᠰᠲ᠋ᠧᠮ ᠤᠨ ᠵᠠᠯᠠᠭᠤ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ | ᠺᠠᠳ᠋ᠷᠴᠤᠳ ᠤᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠮᠠᠶ᠋ᠢᠭ ᠮᠥᠨ᠂ ᠵᠠᠯᠠᠭᠤ ᠺᠠᠳ᠋ᠷᠴᠤᠳ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ | ᠰᠠᠭᠤᠷᠢᠯᠠᠨ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠢ ᠴᠢᠷᠮᠠᠶᠢᠨ ᠠᠵᠢᠯᠯᠠᠬᠤ ᠶᠢᠨ ᠳᠠᠭᠤᠰᠤᠰᠢ ᠦᠭᠡᠢ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ | ᠰᠣᠷᠣᠭᠰᠠᠨ ᠮᠡᠳᠡᠯᠭᠡ ᠪᠠᠨ ᠠᠵᠢᠯ ᠢᠶᠠᠨ ᠲᠦᠯᠬᠢᠨ ᠠᠬᠢᠭᠤᠯᠬᠤ ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠵᠤ᠂ ᠠᠵᠢᠯ ᠤᠨ ᠰᠢᠨ᠎ᠡ ᠠᠮᠵᠢᠯᠲᠠ ᠪᠦᠲᠦᠮᠵᠢ ᠶᠢ | ᠲᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠡᠢ᠃ | |