ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠠᠢ ᠰᠢᠨ ᠪᠦᠯᠦᠭᠯᠡᠯ ᠤᠨ ᠬᠤᠪᠢ ᠡᠵᠡᠮᠳᠡᠬᠦ ᠬᠤᠪᠢᠴᠠᠭᠠᠳᠤ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/9/28
    9 ᠳ᠋ᠤᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠠᠢ ᠰᠢᠨ ᠪᠦᠯᠦᠭᠯᠡᠯ ᠤᠨ ᠬᠤᠪᠢ ᠡᠵᠡᠮᠳᠡᠬᠦ ᠬᠤᠪᠢᠴᠠᠭᠠᠳᠤ ᠬᠢᠵᠠᠭᠠᠷᠲᠤ ᠺᠣᠮᠫᠠᠨᠢ ᠲᠠᠢ ︽ᠬᠤᠲᠠ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠭᠳᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠭᠦᠸᠧ ᠢᠦᠢ ᠹᠧᠩ᠂ ᠬᠠᠢ ᠰᠢᠨ ᠪᠦᠯᠦᠭᠯᠡᠯ ᠤᠨ ᠬᠤᠪᠢ ᠡᠵᠡᠮᠳᠡᠬᠦ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠴᠧᠨ ᠸᠧᠢ ᠴᠢᠶᠠᠩ ᠪᠠᠶᠠᠷ ᠤᠨ ᠦᠭᠡ ᠬᠡᠯᠡᠬᠦ ᠶᠢᠨ ᠬᠠᠮᠲᠤ ᠭᠠᠷ ᠤᠨ ᠥᠰᠥᠭ ᠵᠢᠷᠤᠪᠠ᠃    ᠲᠤᠰ ᠤᠳᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠢ ᠲᠣᠭᠲᠠᠭᠠᠭᠰᠠᠨ ᠵᠣᠷᠢᠯᠭ᠎ᠠ ᠨᠢ ᠬᠤᠲᠠ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠣᠮᠣ ᠳ᠋ᠠᠶᠢᠲ᠋ᠠ᠂ ᠵᠣᠬᠢᠶᠠᠮᠠᠯ ᠣᠶᠤᠨ᠂ ᠡᠭᠦᠯᠡᠨ ᠪᠣᠳᠣᠯᠲᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠰᠦᠯᠵᠢᠶᠡᠨ ᠤ ᠮᠡᠷᠭᠡᠵᠢᠯ ᠳᠤ ᠰᠠᠭᠤᠷᠢᠯᠠᠭᠰᠠᠨ ᠪᠣᠳᠠᠲᠤ ᠬᠡᠷᠡᠭᠯᠡᠭᠡᠨ ᠢ ᠬᠠᠶᠢᠨ ᠰᠦᠪᠡᠭᠴᠢᠯᠡᠬᠦ ᠶᠢᠨ ᠲᠥᠯᠥᠭᠡ ᠶᠤᠮ᠃ ᠠᠵᠤ ᠠᠬᠤᠶᠢᠯᠠᠯ ᠪᠣᠯᠣᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠢᠭᠲᠠ ᠤᠶᠠᠯᠳᠤᠯ ᠢ ᠴᠢᠩᠭᠠᠳᠬᠠᠵᠤ᠂ ᠵᠠᠬ᠎ᠠ ᠳᠡᠯᠭᠡᠭᠦᠷᠴᠢᠯᠡᠬᠦ ᠰᠡᠳᠬᠢᠴᠡ᠂ ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠶᠢᠨ ᠵᠠᠭᠪᠤᠷ ᠢᠶᠠᠷ ᠥᠨᠳᠥᠷ ᠬᠢᠷᠢ ᠲᠦᠪᠰᠢᠨ ᠪᠦᠬᠦᠢ ᠰᠢᠰᠲ᠋ᠧᠮᠵᠢᠭᠦᠯᠦᠭᠰᠡᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠪᠠ ᠬᠠᠮᠢᠶᠠᠷᠤᠯᠲᠠ ᠶᠢᠨ ᠺᠣᠮᠫᠠᠨᠢ ᠶᠢᠨ ᠣᠷᠣᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠠᠮᠤᠷ ᠲᠦᠪᠰᠢᠨ᠂ ᠨᠠᠶᠢᠳᠠᠪᠤᠷᠢᠲᠠᠢ ᠪᠠ ᠥᠨᠳᠥᠷ ᠪᠦᠲᠦᠮᠵᠢᠲᠡᠶ ᠠᠵᠢᠯᠯᠠᠭᠠᠨ ᠢ ᠠᠬᠢᠭᠤᠯᠵᠤ᠂ ᠲᠠᠷᠠᠭᠠᠴᠢ ᠶᠢᠨ ᠠᠯᠬᠤᠮ ᠳᠤ ᠬᠤᠲᠠ ᠶᠢᠨ ᠰᠠᠭᠤᠷᠢ ᠪᠡᠯᠡᠳᠬᠡᠮᠵᠢ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠬᠦ ᠳᠤ ᠴᠢᠬᠤᠯᠠ ᠠᠬᠢᠭᠤᠯᠬᠤ ᠬᠦᠴᠦᠨ ᠬᠠᠩᠭᠠᠨ᠎ᠠ᠃
1.jpg
    ᠭᠦᠸᠧ ᠢᠦᠢ ᠹᠧᠩ ᠪᠠᠶᠠᠷ ᠤᠨ ᠦᠭᠡ ᠳᠡᠭᠡᠨ᠂ ᠬᠤᠳᠠ ᠶᠢᠨ ᠠᠮᠢ ᠨᠠᠰᠤᠨ ᠤ ᠢᠨᠵᠧᠨᠧᠷᠢᠩ ᠪᠣᠯ ᠬᠤᠳᠠ ᠶᠢᠨ ᠠᠮᠤᠷ ᠲᠦᠪᠰᠢᠨ ᠤ ᠠᠵᠢᠯᠯᠠᠭᠠᠨ ᠤ ᠴᠢᠬᠤᠯᠠ ᠪᠠᠲᠤᠯᠠᠭ᠎ᠠ ᠪᠣᠯᠣᠨ᠎ᠠ᠃ ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠤᠲᠠ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠶᠤᠨᠲᠤ ᠬᠤᠲᠠ + ᠤᠶᠠᠨ ᠬᠠᠲᠠᠨ ᠴᠢᠨᠠᠷᠲᠠᠢ ᠬᠤᠲᠠ︾  ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠲᠣᠭᠠᠴᠢᠯᠠᠯᠲᠠ ᠪᠠᠷ ᠭᠠᠷᠳᠠᠴᠠ ᠪᠣᠯᠭᠠᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠦᠭᠡᠳ ᠢᠳᠡᠪᠬᠢᠲᠡᠢ ᠠᠬᠢᠴᠠ ᠲᠠᠢ ᠪᠣᠯᠪᠠ᠃ ᠬᠠᠢ ᠰᠢᠨ ᠪᠦᠯᠦᠭᠯᠡᠯ ᠤᠨ ᠬᠤᠪᠢ ᠡᠵᠡᠮᠳᠡᠬᠦ ᠬᠤᠪᠢᠴᠠᠭᠠᠳᠤ ᠬᠢᠵᠠᠭᠠᠷᠲᠤ ᠺᠣᠮᠫᠠᠨᠢ ᠪᠣᠯ ᠤᠯᠤᠰ ᠤᠨ ᠳᠣᠲᠣᠭᠠᠳᠤ ᠶᠢᠨ ᠨᠠᠷᠠᠲᠠᠢ ᠣᠨᠴᠠ ᠲᠣᠮᠣ ᠬᠡᠯᠪᠡᠷᠢ ᠶᠢᠨ ᠡᠯᠧᠺᠲᠷᠣᠨ ᠮᠡᠳᠡᠭᠡ ᠵᠠᠩᠭᠢ  ᠶᠢᠨ ᠠᠵᠤ ᠦᠢᠯᠡᠰ ᠤᠨ ᠪᠦᠯᠦᠭᠯᠡᠯ ᠺᠣᠮᠫᠠᠨᠢ ᠪᠣᠯᠣᠨ᠎ᠠ᠂ ᠣᠯᠠᠨ ᠵᠢᠯ  ᠤᠨ ᠲᠤᠷᠰᠢ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠢᠯᠠᠩᠭᠤᠶ᠎ᠠ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ᠂ ᠣᠶᠤᠨᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠠᠳ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠲᠤᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ  ᠲᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠬᠦ ᠪᠣᠳᠠᠲᠠᠢ ᠦᠢᠯᠡᠳᠦᠯᠭᠡ ᠮᠥᠨ᠂ ᠲᠤᠰ ᠤᠳᠠᠭᠠᠨ ᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠵᠠᠬ᠎ᠠ ᠳᠡᠯᠭᠡᠭᠦᠷ ᠢ ᠬᠠᠮᠲᠤᠪᠠᠷ ᠥᠷᠭᠡᠳᠬᠡᠬᠦ᠂ ᠬᠠᠮᠲᠤᠷᠠᠯᠴᠠᠵᠤ ᠬᠠᠮᠲᠤᠪᠠᠷ ᠠᠰᠢᠭ ᠬᠦᠷᠲᠡᠬᠦ᠂ ᠬᠠᠮᠲᠤᠪᠠᠷ ᠬᠥᠭᠵᠢᠬᠦ ᠶᠢ ᠪᠠᠷᠢᠮᠲᠠᠯᠠᠵᠤ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠪᠣᠯᠣᠨ ᠬᠠᠢ ᠰᠢᠨ ᠪᠦᠯᠦᠭᠯᠡᠯ ᠤᠨ ᠬᠤᠪᠢ ᠡᠵᠡᠮᠳᠡᠬᠦ ᠬᠤᠪᠢᠴᠠᠭᠠᠳᠤ ᠬᠢᠵᠠᠭᠠᠷᠲᠤ ᠺᠣᠮᠫᠠᠨᠢ ᠯᠤᠭ᠎ᠠ ᠶᠢᠨ ᠬᠠᠷᠢᠯᠴᠠᠭ᠎ᠠ ᠪᠠ ᠰᠣᠯᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠨᠡᠩ ᠠᠮᠤᠷ ᠲᠦᠪᠰᠢᠨ᠂ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ ᠥᠨᠳᠥᠷ ᠶᠠᠰᠤ ᠴᠢᠨᠠᠷ ᠲᠠᠢ ᠬᠤᠳᠠ ᠶᠢᠨ ᠠᠮᠢᠳᠤᠷᠠᠯ ᠤᠨ ᠣᠷᠣᠨ ᠵᠠᠢ ᠶᠢ ᠬᠦᠴᠦᠯᠡᠨ ᠪᠠᠶᠢᠭᠤᠯᠤᠨ᠎ᠠ ᠭᠡᠵᠡᠢ᠃
2.jpg
    ᠴᠧᠨ ᠸᠧᠢ ᠴᠢᠶᠠᠩ ᠪᠠᠶᠠᠷ ᠤᠨ ᠦᠭᠡ ᠳᠡᠭᠡᠨ᠂ ᠲᠤᠰ ᠤᠳᠠᠭ᠎ᠠ ᠶᠢᠨ ᠬᠠᠮᠲᠤᠷᠠᠯᠴᠠᠭ᠎ᠠ ᠨᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠵᠣᠬᠢᠴᠠᠬᠤ᠂ ᠬᠤᠳᠠ ᠶᠢᠨ ᠬᠦᠨᠳᠦ ᠶᠡᠭᠡ ᠠᠶᠤᠯ ᠲᠦᠭᠰᠢᠭᠦᠷᠢ ᠪᠣᠯᠣᠨ ᠭᠡᠨᠡᠳᠲᠡ ᠶᠢᠨ ᠬᠡᠷᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠭᠦᠨᠵᠡᠭᠡᠶᠢᠷᠡᠭᠦᠯᠦᠨ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠪᠠᠰᠠ ᠴᠤ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ  ᠤᠨ ᠰᠢᠨ᠎ᠡ ᠶᠢ ᠡᠭᠦᠳᠬᠦ᠂ ᠬᠤᠳᠠ ᠶᠢᠨ ᠠᠮᠤᠷ ᠲᠦᠪᠰᠢᠨ ᠤ ᠰᠢᠨ᠎ᠡ ᠠᠮᠢ ᠠᠬᠤᠢ ᠶᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠨᠡᠩ ᠴᠤ ᠬᠤᠳᠠ ᠶᠢᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠦᠷᠭᠡᠨ ᠬᠥᠭᠵᠢᠬᠦ ᠶᠢ ᠳᠠᠶᠢᠴᠢᠯᠠᠬᠤ ᠬᠦᠴᠦᠷᠬᠡᠭ ᠶᠡᠭᠡ ᠬᠥᠳᠡᠯᠭᠡᠭᠦᠷ ᠪᠣᠯᠣᠨ᠎ᠠ᠃ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠲᠣ ᠶᠢᠨ ᠪᠠᠶᠢᠭ᠎ᠠ ᠰᠠᠭᠤᠷᠢ ᠨᠥᠬᠦᠴᠡᠯ ᠢᠶᠠᠨ ᠠᠰᠢᠭᠯᠠᠨ ᠬᠠᠮᠲᠤ ᠪᠠᠷ ᠬᠤᠲᠠ ᠶᠢᠨ ᠠᠮᠢ ᠨᠠᠰᠤᠨ ᠤ ᠠᠮᠤᠷ ᠲᠦᠪᠰᠢᠨ ᠵᠡᠷᠭᠡ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠣᠮᠣ ᠳ᠋ᠠᠶᠢᠲ᠋ᠠ᠂ ᠵᠣᠬᠢᠶᠠᠮᠠᠯ ᠣᠶᠤᠨ᠂ ᠡᠭᠦᠯᠡᠨ ᠪᠣᠳᠣᠯᠲᠠ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠳᠤ ᠰᠠᠭᠤᠷᠢᠯᠠᠭᠰᠠᠨ ᠪᠣᠳᠠᠲᠤ ᠬᠡᠷᠡᠭᠯᠡᠭᠡᠨ ᠤ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ ᠤᠯᠤᠰ ᠤᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠱᠠᠭᠠᠷᠳᠠᠯᠭ᠎ᠠ ᠳᠣᠣᠷ᠎ᠠ᠂ ᠬᠤᠲᠠ ᠶᠢᠨ ᠠᠮᠢ ᠨᠠᠰᠤᠨ ᠤ ᠠᠮᠤᠷ ᠲᠦᠪᠰᠢᠨ ᠤ ᠬᠦᠷᠢᠶᠡᠨ ᠳᠠᠬᠢ ᠲᠤᠰᠬᠠᠢ ᠮᠡᠷᠭᠡᠵᠢᠯ ᠪᠠ ᠬᠡᠷᠡᠭᠯᠡᠭᠡᠨ ᠤ ᠰᠤᠳᠤᠯᠭᠠᠨ ᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠬᠡᠪ ᠳᠠᠭᠤᠷᠢᠶᠠᠯ ᠢ ᠪᠣᠶ ᠪᠣᠯᠭᠠᠵᠤ᠂ ᠡᠯ᠎ᠡ ᠭᠠᠵᠠᠷ ᠤᠨ ᠠᠮᠤᠷ ᠲᠦᠪᠰᠢᠨ᠂ ᠨᠠᠶᠢᠳᠠᠪᠤᠷᠢᠲᠠᠢ ᠪᠠ ᠥᠨᠳᠥᠷ ᠦᠷ᠎ᠡ ᠪᠦᠲᠦᠮᠵᠢᠲᠡᠶ ᠠᠵᠢᠯᠯᠠᠭᠠᠨ ᠢ ᠠᠬᠢᠭᠤᠯᠤᠨ᠎ᠠ ᠭᠡᠪᠡ᠃
3.jpg
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ᠂ ᠬᠠᠢ ᠰᠢᠨ ᠪᠦᠯᠦᠭᠯᠡᠯ ᠤᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠶᠡᠷᠦᠩᠬᠡᠢ ᠵᠠᠬᠢᠷᠤᠭᠴᠢ ᠵᠠᠩ ᠰᠧ ᠬᠠᠢ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃ ᠠᠨᠾᠦ᠋ᠢ ᠶᠢᠨ ᠬᠤᠢ ᠼᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ  ᠤᠨ ᠳᠠᠷᠤᠭ᠎ᠠ ᠰᠢᠦᠢ ᠪᠢᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ