9 ᠳ᠋ᠤᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠬᠠᠮᠢᠶ᠎ᠠ ᠪᠦᠬᠦᠢ ᠰᠠᠯᠠᠭ᠎ᠠ ᠮᠦᠴᠢᠷ | ᠨᠢᠭᠡᠴᠢ᠂ ᠡᠯ᠎ᠡ ᠠᠶᠢᠮᠠᠭ ᠬᠤᠲᠠ ᠵᠢᠴᠢ ᠬᠠᠷᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠵᠤᠬᠢᠶᠠᠨ ᠪᠠᠶᠢᠭᠤᠯᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠸᠢᠳᠢᠤ᠋ ᠪᠤᠯᠪᠠᠰᠤᠷᠠᠯ ᠤᠨ ᠬᠤᠷᠠᠯ ᠳᠤ ᠤᠷᠤᠯᠴᠠᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠢᠨᠵᠧᠨᠧᠷᠢᠩ ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠭᠠᠵᠠᠷ ᠤᠨ ᠹᠠᠨ ᠬᠤᠩ ᠵᠦ ᠬᠤᠷᠠᠯ ᠢ | ᠡᠷᠭᠢᠯᠡᠭᠰᠡᠨ ᠪᠥᠭᠡᠳ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠭᠦᠨᠵᠡᠭᠡᠢ ᠲᠠᠶᠢᠯᠤᠮᠵᠢ ᠬᠢᠪᠡ᠃ | | | | | | ᠬᠤᠷᠠᠯ ᠳᠡᠭᠡᠷ᠎ᠡ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠪᠠᠷᠢᠮᠵᠢᠶ᠎ᠠ 3.0︾ ︽ᠭᠠᠯ ᠤᠨᠲᠠᠷᠠᠭᠠᠬᠤ ᠬᠢᠨᠠᠨ ᠰᠢᠯᠭᠠᠯᠲᠠ ᠶᠢ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠪᠠᠷᠢᠮᠵᠢᠶ᠎ᠠ ᠳᠤ ᠣᠷᠣᠭᠤᠯᠬᠤ | 1.0︾ ᠵᠡᠷᠭᠡ ᠳᠤ ᠲᠠᠶᠢᠯᠤᠮᠵᠢ ᠬᠢᠭᠰᠡᠨ ᠪᠥᠭᠡᠳ ᠳᠡᠯᠡᠬᠡᠢ ᠶᠢᠨ ᠪᠠᠩᠬᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠪᠣᠯᠪᠠᠰᠤᠷᠠᠩᠭᠤᠢ ᠪᠣᠯᠤᠭᠰᠠᠨ | ᠬᠡᠮᠵᠢᠶ᠎ᠡ ᠶᠢ ᠦᠨᠡᠯᠡᠨ ᠵᠢᠱᠢᠬᠦ ᠰᠢᠰᠲ᠋ᠧᠮ ᠤᠨ ᠡᠵᠡᠩᠨᠡᠯᠲᠡ ᠶᠢᠨ ᠲᠠᠯᠠᠪᠤᠷ ᠤᠨ ᠭᠦᠢᠴᠡᠳᠬᠡᠯ ᠲᠤᠭ᠎ᠠ ᠶᠢ ᠣᠯᠣᠭᠰᠠᠨ ᠲᠤᠬᠠᠢ ᠨᠠᠷᠢᠨ ᠲᠠᠨᠢᠯᠴᠠᠭᠤᠯᠪᠠ᠃ ᠬᠤᠷᠠᠯ | ᠠᠴᠠ 2022 ᠣᠨ ᠤ ᠪᠥᠬᠦ ᠤᠯᠤᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢᠨ ᠦᠨᠡᠯᠡᠨ ᠵᠢᠱᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠪᠡ᠃ ᠱᠠᠩᠬᠠᠢ᠂ ᠱᠠᠨᠳᠦ᠋ᠩ᠂ ᠬᠠᠶᠢᠨᠠᠨ᠂ ᠰᠢᠨᠵᠢᠶᠠᠩ᠂ ᠴᠠᠩᠱᠠ | ᠂ ᠹᠦᠵᠧᠦ ᠵᠡᠷᠭᠡ ᠮᠤᠵᠢ ᠣᠷᠣᠨ ᠬᠤᠳᠠ ᠶᠢᠨ ᠬᠢᠨ ᠲᠤᠬᠠᠢ ᠶᠢᠨ ᠭᠠᠵᠠᠷ ᠤᠨ ᠥᠭᠡᠷᠡᠴᠢᠯᠡᠯᠲᠡ ᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠤᠨ ᠲᠤᠬᠠᠢ ᠬᠠᠷᠢᠭᠤ | ᠮᠡᠳᠡᠭᠦᠯᠦᠯᠲᠡ ᠬᠢᠵᠦ ᠰᠠᠨᠠᠯ ᠢᠶᠠᠨ ᠰᠣᠯᠢᠯᠴᠠᠪᠠ᠃ | | | | | | ᠬᠤᠷᠠᠯ ᠠᠴᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠭᠡᠷᠡᠴᠢᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ | ᠲᠠᠯ᠎ᠠ ᠪᠠᠨ ᠣᠨᠣᠪᠴᠢᠲᠠᠶ ᠡᠷᠢᠵᠦ᠂ ᠠᠵᠢᠯ ᠤᠨ ᠭᠤᠣᠯᠳᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠡᠷᠴᠢᠮ ᠢᠶᠠᠨ | ᠴᠢᠩᠭᠠᠷᠠᠭᠤᠯᠤᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠪᠠᠷᠢᠮᠵᠢᠶᠠᠵᠢᠭᠰᠠᠨ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠬᠢᠨᠠᠨ ᠵᠥᠪᠰᠢᠶᠡᠷᠡᠬᠦ ᠰᠢᠰᠲ᠋ᠧᠮ ᠤᠨ ᠰᠢᠶᠠᠨ ᠤ ᠬᠡᠪᠴᠢᠶ᠎ᠡ ᠳᠤ ᠨᠡᠶᠢᠳᠡᠮ ᠬᠠᠮᠤᠷᠬᠤ ᠵᠢᠴᠢ ᠭᠠᠯ | ᠤᠨᠲᠠᠷᠠᠭᠠᠬᠤ ᠬᠢᠨᠠᠨ ᠰᠢᠯᠭᠠᠬᠤ ᠰᠢᠰᠲ᠋ᠧᠮ ᠢ ᠢᠨᠵᠧᠨᠧᠷᠢᠩ ᠤᠨ ᠬᠢᠨᠠᠨ ᠵᠥᠪᠰᠢᠶᠡᠷᠡᠬᠦ ᠰᠢᠰᠲ᠋ᠧᠮ ᠳᠤ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠠᠵᠤ | ᠠᠬᠤᠶᠢᠯᠠᠯ ᠪᠣᠯᠣᠨ ᠣᠯᠠᠨ ᠲᠦᠮᠡᠨ ᠤ ᠥᠭᠡᠷᠡᠴᠢᠯᠡᠯᠲᠡ ᠶᠢᠨ ᠠᠵᠢᠯ ᠤᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠪᠣᠯᠣᠨ ᠬᠦᠷᠲᠡᠭᠡᠮᠵᠢ ᠶᠢᠨ ᠲᠥᠷᠥᠭᠳᠡᠯ ᠢ ᠦᠨᠡᠨᠬᠦ | ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠵᠡᠷᠭᠡ ᠬᠠᠮᠢᠶ᠎ᠠ ᠪᠦᠬᠦᠢ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠭᠠᠵᠠᠷ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠥᠪᠡᠷᠲᠡᠭᠡᠨ | ᠵᠠᠰᠠᠬᠤ ᠣᠷᠣᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠬᠤᠰᠢᠭᠤ ᠰᠢᠶᠠᠨ | ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | |