9 ᠳ᠋ᠤᠭᠡᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠣᠷᠳᠣᠰ | ᠬᠤᠲᠠ ᠳᠤ ᠭᠦᠨᠵᠡᠭᠡᠶᠢᠷᠡᠨ ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠤᠨ ᠪᠡᠯᠡᠳᠬᠡᠯ | ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | | | | | ᠭᠦᠸᠧ ᠢᠦᠢ ᠹᠧᠩ ᠨᠠᠷ ᠤᠷᠢᠳ ᠬᠤᠵᠢᠳ ᠳ᠋ᠦᠩᠱᠧᠩ1980 ᠬᠠᠭᠤᠴᠢᠨ ᠵᠡᠭᠡᠯᠢ ᠲᠣᠭᠤᠷᠢᠭ᠂ ᠢᠦᠢ ᠶᠢᠩ ᠨᠡᠶᠢᠭᠡᠮ ᠲᠣᠭᠤᠷᠢᠭ᠂ ᠳᠡᠭᠡᠳᠦ ᠰᠢᠨ᠎ᠡ | ᠮᠡᠷᠭᠡᠵᠢᠯ ᠤᠨ ᠬᠦᠷᠢᠶᠡᠯᠡᠩ ᠤᠨ ᠪᠠᠳᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠨᠡᠶᠢᠭᠡᠮ ᠲᠣᠭᠤᠷᠢᠭ᠂ ᠬᠤᠳᠠ ᠶᠢᠨ ᠲᠥᠯᠦᠪᠵᠢᠭᠦᠯᠭᠡ ᠶᠢᠨ ᠦᠵᠡᠰᠬᠦᠯᠡᠩ ᠤᠨ | ᠣᠷᠳᠣᠨ᠂ ᠬᠤᠳᠠ ᠶᠢᠨ ᠲᠣᠭᠠᠴᠢᠯᠠᠭᠰᠠᠨ ᠠᠮᠢ ᠠᠬᠤᠢ ᠶᠢᠨ ᠦᠵᠡᠭᠦᠯᠦᠯᠭᠡ ᠶᠢᠨ ᠪᠡᠶᠡᠴᠢᠯᠡᠨ ᠣᠶᠢᠯᠠᠭᠠᠬᠤ ᠲᠥᠪ ᠵᠡᠷᠭᠡ ᠭᠠᠵᠠᠷ ᠲᠤ ᠬᠦᠷᠴᠦ᠂ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠬᠤᠢ ᠲᠠᠯᠠᠪᠠᠢ ᠶᠢᠨ ᠬᠤᠷᠠᠯ ᠤᠨ ᠡᠯ᠎ᠡ ᠵᠦᠢᠯ ᠤᠨ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | | | | | | | | | | | | ᠭᠦᠸᠧ ᠢᠦᠢ ᠹᠧᠩ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠠᠷᠢᠯᠢᠭ︾ ᠤᠨ ᠱᠠᠭᠠᠷᠳᠠᠯᠭ᠎ᠠ ᠶᠢ ᠳᠣᠪᠤᠶᠢᠯᠭᠠᠵᠤ᠂ ᠨᠢᠭᠲᠠ ᠠᠴᠠ | ᠨᠢᠭᠲᠠ ᠨᠢᠭᠡ ᠨᠢᠭᠡ ᠪᠠᠷ ᠨᠠᠷᠢᠨ ᠵᠦᠢᠯᠡᠰ ᠢ ᠤᠬᠤᠴᠢᠯᠠᠵᠤ᠄ ᠬᠠᠮᠤᠭ ᠰᠡᠭᠦᠯᠴᠢ ᠶᠢᠨ ᠰᠢᠪᠲᠤᠯᠤᠯᠲᠠ ᠶᠢᠨ ᠠᠵᠢᠯ ᠢ ᠨᠠᠷᠢᠯᠢᠭ ᠪᠥᠭᠡᠳ ᠪᠣᠳᠠᠲᠠᠢ ᠪᠠᠷ ᠰᠠᠶᠢᠲᠤᠷ | ᠠᠳᠬᠤᠵᠤ᠂ ᠰᠣᠳᠣᠨ ᠪᠦᠲᠦᠭᠡᠯ ᠤᠨ ᠦᠵᠡᠭᠦᠯᠦᠯᠭᠡ ᠶᠢᠨ ᠴᠡᠭ ᠢ ᠡᠭᠦᠳᠬᠦ ᠪᠠᠷ ᠪᠠᠷᠠᠬᠤ ᠦᠭᠡᠢ ᠨᠡᠩ ᠴᠤ ︽ᠴᠡᠭ︾ ᠢᠶᠠᠷ ᠳᠠᠮᠵᠢᠨ ︽ᠬᠠᠪᠳᠠᠭᠠᠢ︾ ᠶᠢ | ᠳᠡᠯᠭᠡᠨ ᠦᠵᠡᠭᠦᠯᠵᠦ᠂ ᠰᠡᠳᠬᠢᠴᠡ᠂ ᠠᠷᠭ᠎ᠠ ᠬᠡᠮᠵᠢᠶ᠎ᠡ ᠪᠣᠯᠣᠨ ᠰᠢᠨ᠎ᠡ ᠶᠢ ᠡᠭᠦᠳᠬᠦ ᠠᠷᠭ᠎ᠠ ᠬᠢᠳᠡᠯ ᠢ ᠭᠦᠨᠵᠡᠭᠡᠢ ᠠᠭᠤᠳᠠᠯᠵᠤ᠂ ᠰᠤᠷᠤᠯᠴᠠᠵᠦ ᠪᠣᠯᠬᠤ ᠪᠥᠭᠡᠳ | ᠲᠣᠯᠢ ᠪᠣᠯᠭᠠᠵᠤ ᠪᠣᠯᠬᠤ ᠲᠤᠷᠰᠢᠯᠭ᠎ᠠ ᠪᠣᠯᠣᠨ ᠠᠷᠭ᠎ᠠ ᠬᠢᠳᠡᠯ ᠢ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠶᠢ ᠪᠠᠲᠤᠯᠠᠵᠤ᠂ ᠪᠦᠬᠦ ᠣᠷᠣᠨ ᠤ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | ᠭᠦᠸᠧ ᠢᠦᠢ ᠹᠧᠩ ᠪᠠᠰᠠ ᠬᠢᠶ᠎ᠠ ᠪᠠᠭᠰᠢ ᠲᠦᠩ ᠬᠤᠢ ᠣᠶᠤᠨᠲᠤ ᠢᠯᠴᠢ ᠬᠠᠩᠭᠠᠬᠤ ᠲᠠᠪᠴᠠᠩ ᠳᠤ ᠭᠦᠨᠵᠡᠭᠡᠶᠢᠷᠡᠨ ᠣᠶᠤᠨᠲᠤ ᠢᠯᠴᠢ ᠬᠠᠩᠭᠠᠬᠤ ᠪᠠᠶᠢᠳᠠᠯ ᠢ | ᠪᠠᠶᠢᠴᠠᠭᠠᠨ ᠰᠤᠳᠤᠯᠪᠠ᠂ ᠲᠤᠰ ᠲᠠᠪᠴᠠᠩ ᠨᠢ ᠠᠯᠤᠰ ᠠᠴᠠ ᠬᠢᠨᠠᠨ ᠡᠵᠡᠮᠳᠡᠬᠦ᠂ ᠬᠤᠭᠤᠯᠠᠢ ᠲᠣᠣᠷ ᠤᠨ ᠲᠡᠩᠴᠡᠭᠦᠷᠢ ᠶᠢ ᠲᠣᠬᠢᠷᠠᠭᠤᠯᠬᠤ᠂ ᠪᠤᠳᠠᠳᠤ ᠰᠤᠷᠢᠯᠳᠡ ᠪᠠᠷ | ᠤᠰᠤᠨ ᠬᠦᠴᠦᠨ ᠢ ᠴᠢᠳᠠᠪᠬᠢ ᠵᠡᠷᠭᠡ ᠴᠢᠳᠠᠪᠬᠢ ᠶᠢ ᠪᠡᠶᠡᠯᠡᠭᠦᠯᠵᠡᠢ᠃ ᠲᠡᠷᠡ ᠵᠢᠭᠠᠵᠤ ᠭᠠᠷᠭᠠᠭᠰᠠᠨ ᠨᠢ᠂ ᠣᠶᠤᠨᠴᠢ ᠪᠠᠷ ᠡᠨᠧᠷᠭᠢ ᠣᠯᠭᠤᠬᠤ᠂ ᠣᠷᠭᠢᠯ ᠦᠶ᠎ᠡ ᠶᠢ | ᠵᠥᠷᠢᠭᠦᠯᠦᠨ ᠲᠣᠬᠢᠷᠠᠭᠤᠯᠤᠨ ᠡᠵᠡᠮᠳᠡᠬᠦ᠂ ᠬᠡᠮᠵᠢᠯᠲᠡ ᠪᠠᠷ ᠢᠯᠴᠢ ᠬᠠᠩᠭᠠᠬᠤ᠂ ᠪᠥᠬᠦ ᠬᠡᠯᠬᠢᠶᠡᠨ ᠤ ᠲᠤᠭ᠎ᠠ ᠪᠠᠷᠢᠮᠲᠠᠶᠢ ᠬᠢᠨᠠᠨ ᠬᠡᠮᠵᠢᠬᠦ ᠶᠢ ᠪᠠᠷᠢᠮᠲᠠᠯᠠᠨ᠂ ᠠᠵᠤ | ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠵᠤ ᠳᠡᠶᠢᠯᠬᠦ᠂ ᠬᠡᠷᠡᠭᠯᠡᠭᠴᠢ ᠶᠢᠨ ᠵᠠᠷᠤᠳᠠᠯ ᠢ ᠠᠷᠪᠢᠯᠠᠵᠤ ᠳᠡᠶᠢᠯᠬᠦ᠂ ᠨᠡᠶᠢᠭᠡᠮ ᠤᠨ ᠭᠠᠳᠠᠭᠰᠢᠯᠠᠭᠤᠯᠤᠯᠲᠠ ᠶᠢ | ᠪᠠᠭᠠᠰᠬᠠᠵᠤ ᠳᠡᠶᠢᠯᠬᠦ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ᠂ ᠠᠮᠢᠳᠤᠷᠠᠯ ᠤᠨ ᠦᠷ᠎ᠡ ᠠᠰᠢᠭ ᠬᠠᠮᠲᠤ ᠪᠠᠷ ᠠᠰᠢᠭ ᠭᠥᠷᠳᠡᠬᠦ | ᠣᠶᠤᠨᠴᠢ ᠪᠠᠷ ᠢᠯᠴᠢ ᠬᠠᠩᠭᠠᠬᠤ ᠰᠢᠨ᠎ᠡ ᠬᠡᠯᠪᠡᠷᠢ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠬᠡᠷᠡᠭᠲᠡᠢ ᠭᠡᠵᠡᠢ᠃ | | | | | | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |