ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠣᠷᠳᠣᠰ ᠲᠤ ᠬᠤᠷᠠᠯᠳᠤᠪᠠ
ᠨᠡᠶᠢᠲᠡᠯᠡᠭᠰᠡᠨ ᠴᠠᠭ᠄
2023/9/7
    9 ᠳ᠋ᠤᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠷᠳᠣᠰ ᠬᠤᠲᠠ ᠳᠤ ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
1.jpg
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠣᠷᠳᠣᠰ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠦᠬᠠᠢ ᠬᠤᠲᠠ ᠲᠣᠰ ᠲᠣᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
2.jpg
    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠬᠤᠳᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠳᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠲᠥᠯᠦᠪᠵᠢᠭᠦᠯᠭᠡ᠂ ᠬᠤᠳᠠ ᠶᠢᠨ ᠪᠡᠶ᠎ᠡ ᠶᠢᠨ ᠪᠠᠶᠢᠴᠠᠭᠠᠯᠲᠠ᠂ ᠬᠤᠳᠠ ᠶᠢᠨ ᠰᠢᠨᠡᠴᠢᠯᠡᠯᠲᠡ᠂ ᠣᠶᠤᠨᠲᠤ ᠬᠤᠳᠠ᠂ ᠬᠤᠳᠠ ᠶᠢᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠤᠸᠠᠷ ᠬᠠᠳᠬᠤᠬᠤ ᠵᠤᠷᠢᠭ ᠰᠠᠨᠠᠭ᠎ᠠ ᠪᠠᠷ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠬᠤᠳᠠ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠵᠤ᠂ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠣᠷᠳᠣᠰ ᠬᠤᠳᠠ ᠶᠢᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠪᠡ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠭᠡᠷ