ᠪᠡᠶ᠎ᠡ ᠶᠢᠨ ᠦᠨᠡᠮᠯᠡᠯ ᠤᠨ ᠨᠣᠮᠧᠷ / ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠺᠣᠳ᠋᠄ 9115010506160481XK | ᠬᠠᠤᠯᠢ ᠶᠢᠨ ᠡᠷᠬᠡᠲᠡᠨ᠄ ᠭᠦᠸᠧ ᡁᠢ ᠬᠤᠩ | ᠰᠢᠢᠳᠭᠡᠯ ᠦᠭᠭᠦᠭᠰᠡᠨ ᠪᠠᠶᠢᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ | ᠪᠢᠴᠢᠭ ᠮᠠᠲ᠋ᠧᠷᠢᠶᠠᠯ ᠤᠨ ᠳ᠋ᠤᠭᠠᠷ᠄ ᠦᠪᠦᠷ ᠪᠠᠷᠢᠯᠭ᠎ᠠ ᠴᠢᠨᠠᠷ ᠲᠤᠷᠭᠠᠭᠤᠯᠢ ᠥᠰᠥᠭ ﹇2023﹈ 20 ᠳ᠋ᠤᠭᠠᠷ ᠲᠣᠭᠠᠲᠤ | ᠰᠢᠢᠳᠭᠡᠯ ᠤᠨ ᠠᠭᠤᠯᠭ᠎ᠠ ᠄ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ 30 ᠡᠳᠦᠷ ᠤᠨ ᠬᠤᠭᠤᠴᠠᠭ᠎ᠠ ᠲᠠᠢ ᠲᠦᠷ ᠬᠤᠷᠢᠶᠠᠨ᠎ᠠ | ᠬᠠᠤᠯᠢ ᠵᠥᠷᠢᠴᠡᠭᠰᠡᠨ ᠪᠣᠳᠠᠲᠤ ᠬᠡᠷᠡᠭ᠄ ᠥᠪᠥᠷ ᠮᠣᠩᠭᠤᠯ ᠤᠨ ᠬᠤᠸᠠ ᠵᠢᠶᠠᠨ ᠪᠠᠷᠢᠯᠭ᠎ᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ 2020 ᠣᠨ ᠤ 4 | ᠳ᠋ᠤᠭᠡᠷ ᠰᠠᠷ᠎ᠠ ᠶᠢᠨ 23 ᠤ ᠡᠳᠦᠷ ᠤᠨ 17 ᠴᠠᠭ 30 ᠮᠢᠨᠦ᠋ᠲ ᠤᠨ ᠦᠶ᠎ᠡ ᠪᠠᠷ᠂ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ᠂ ᠪᠣᠬᠢᠷ ᠤᠰᠤᠨ ᠤ ᠬᠤᠭᠤᠯᠠᠢ ᠶᠢᠨ ᠣᠭᠲᠣᠯᠣᠭᠠᠰᠤ ᠶᠢ | ᠡᠷᠢᠵᠦ ᠪᠠᠶᠢᠭᠰᠠᠨ ᠨᠢᠭᠡ ᠠᠵᠢᠯᠴᠢᠨ ᠬᠡᠪᠰᠢᠭᠦᠯᠦᠭᠡᠳᠦᠢ ᠰᠤᠪᠠᠭ ᠲᠤ ᠣᠷᠣᠵᠤ᠂ ᠭᠡᠨᠡᠳᠲᠡ ᠨᠤᠷᠠᠵᠤ ᠶᠡᠭᠦᠷᠡᠭᠰᠡᠨ ᠠᠴᠠ ᠪᠣᠯᠵᠤ ᠨᠠᠰᠤ ᠪᠠᠷᠠᠵᠠᠢ ᠃ | ᠬᠠᠤᠯᠢ ᠴᠠᠭᠠᠵᠠ ᠶᠢᠨ ᠦᠨᠳᠦᠰᠦ ᠪᠠᠷᠢᠮᠲᠠ ᠄ ︽ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠦᠷᠢᠮ ︾ ᠤᠨ ᠵᠢᠷᠭᠤᠳᠤᠭᠠᠷ ᠵᠦᠢᠯ ᠤᠨ | ︵ ᠨᠢᠭᠡ ︶ ᠂ ︵ ᠵᠢᠷᠭᠤᠭ᠎ᠠ ︶ ᠂ ︵ ᠨᠠᠢᠮᠠ ︶ ᠂ ︵ ᠶᠢᠰᠦ ︶ ᠂ ︵ ᠠᠷᠪᠠᠨ ᠨᠢᠭᠡ ︶ ᠳ᠋ᠤᠭᠡᠷ ᠵᠤᠷᠪᠤᠰ ᠂ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ︔ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠳᠥᠴᠢᠨ ᠳᠥᠷᠪᠡᠳᠦᠭᠡᠷ ᠵᠦᠢᠯ᠂ ᠳᠥᠴᠢᠨ | ᠲᠠᠪᠤᠳᠤᠭᠠᠷ ᠵᠦᠢᠯ︔ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ ︾ ᠶᠢᠨ ᠶᠢᠰᠦᠳᠦᠭᠡᠷ ᠵᠦᠢᠯ ᠤᠨ ︵ | ᠭᠤᠷᠪᠠ ︶ ᠳ᠋ᠤᠭᠠᠷ ᠵᠤᠷᠪᠤᠰ ᠂ ︽ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠦᠷᠢᠮ ︾ ᠤᠨ ᠠᠷᠪᠠᠨ ᠳᠥᠷᠪᠡᠳᠦᠭᠡᠷ ᠵᠦᠢᠯ ᠤᠨ | ᠬᠤᠶᠠᠳᠤᠭᠠᠷ ᠵᠤᠷᠪᠤᠰ ᠂ ︽ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ | ᠲᠣᠭᠲᠠᠭᠠᠯ ︾ ᠤᠨ ᠬᠤᠷᠢᠨ ᠭᠤᠷᠪᠠᠳᠤᠭᠠᠷ ᠵᠦᠢᠯ ᠵᠢᠴᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ ︿ ᠪᠠᠷᠢᠯᠭ᠎ᠠ | ᠪᠠᠷᠢᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ︾ ︵ ᠪᠠᠷᠢᠯᠭ᠎ᠠ ᠴᠢᠨᠠᠷ ﹇ 2008﹈ 121 ᠳ᠋ᠤᠭᠡᠷ ᠲᠣᠭᠠᠲᠤ ︶ ᠃ | ᠰᠢᠢᠳᠪᠦᠷᠢᠯᠡᠭᠰᠡᠨ ᠡᠳᠦᠷ᠄ 2023-08-29 | |