ᠪᠤᠭᠤᠲᠤ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/10/24
    ᠣᠶᠢᠷ᠎ᠠ ᠶᠢᠨ ᠵᠢᠯ ᠳᠤ᠂ ᠪᠤᠭᠤᠲᠤ ᠬᠤᠳᠠ ᠤᠯᠤᠰ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠬᠦᠴᠢᠷᠳᠡᠯᠳᠡᠢ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ 2024 ᠣᠨ ᠳᠤ᠂ ᠪᠥᠬᠦ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠤᠷᠠᠮᠳᠤᠭᠤᠯᠬᠤ ᠪᠦᠲᠦᠭᠡᠨ ᠪᠠᠶᠢᠭᠤᠯᠬᠤ ᠡᠭᠦᠷᠭᠡ 2515 ᠢᠵᠢ ᠪᠤᠯᠤᠨ᠎ᠠ᠂ 4 ᠭᠠᠵᠠᠷ ᠣᠷᠣᠨ᠂ 12 ᠲᠥᠷᠥᠯ ᠵᠦᠢᠯ ᠳᠤ ᠬᠤᠯᠪᠤᠭᠳᠠᠨ᠎ᠠ᠃ ᠣᠲᠣ ᠪᠣᠯᠲᠠᠯ᠎ᠠ ᠂ 2465 ᠢᠵᠢ ᠶᠢ ᠨᠢᠭᠡᠨᠲᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠵᠢᠯ ᠡᠬᠢᠯᠡᠭᠦᠯᠦᠭᠰᠡᠨ ᠨᠣᠷᠮ᠎ᠠ ᠨᠢ 98.01% ᠲᠤ ᠬᠦᠷᠴᠦ᠂ 1765 ᠢᠵᠢ ᠶᠢ ᠨᠢᠭᠡᠨᠲᠡ ᠠᠵᠢᠯ ᠳᠠᠭᠤᠰᠬᠠᠪᠠ᠂ ᠠᠵᠢᠯ ᠡᠬᠢᠯᠡᠭᠦᠯᠦᠭᠰᠡᠨ ᠢᠵᠢ ᠲᠣᠭᠠᠨ ᠤ 71.6% ᠶᠢ ᠡᠵᠡᠯᠡᠵᠦ᠂ 1470 ᠢᠵᠢ ᠶᠢ ᠨᠢᠭᠡᠨᠲᠡ ᠬᠤᠪᠢᠶᠠᠷᠢᠯᠠᠵᠤ᠂ ᠠᠵᠢᠯ ᠳᠠᠭᠤᠰᠬᠠᠭᠰᠠᠨ ᠢᠵᠢ ᠲᠣᠭᠠᠨ ᠤ 83.29% ᠶᠢ ᠡᠵᠡᠯᠡᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠪᠠ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠮᠠᠨ ᠤ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠣᠷᠣᠨ ᠪᠦᠰᠡ ᠪᠣᠯᠤᠭᠰᠠᠨ ᠤ ᠬᠤᠪᠢ ᠳᠤ᠂ ᠡᠨᠡ ᠵᠢᠯ ᠨᠡᠶᠢᠲᠡ 7 ᠲᠥᠷᠥᠯ ᠵᠦᠢᠯ 1311 ᠢᠵᠢ ᠪᠦᠲᠦᠭᠡᠨ ᠪᠠᠶᠢᠭᠤᠯᠤᠯᠲᠠ ᠶᠢᠨ ᠡᠭᠦᠷᠭᠡ ᠲᠠᠢ᠃ ᠡᠭᠦᠨ ᠳᠤ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ᠂ ᠪᠤᠭᠤᠲᠤ ᠬᠤᠲᠠ ᠶᠢᠨ ᠠᠨ ᠳ᠋ᠧ ᠰᠢ ᠨᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠴᠥᠮ ᠨᠢᠭᠡᠨᠲᠡ ᠠᠵᠢᠯ ᠲᠠᠭᠤᠰᠬᠠᠵᠤ ᠬᠤᠪᠢᠶᠠᠷᠢᠯᠠᠯᠲᠠ ᠶᠢ ᠪᠡᠶᠡᠯᠡᠭᠦᠯᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠤᠨ ᠬᠥᠭᠵᠢᠯᠲᠡ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃     ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠪᠠᠶ᠋ᠬᠠᠣᠪᠤᠭ᠎ᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃ ᠲᠣᠰ ᠲᠥᠷᠥᠯ ᠵᠦᠢᠯ ᠤᠨ ᠡᠵᠡᠯᠡᠬᠦ ᠲᠠᠯᠠᠪᠠᠶ ᠨᠢ 7000 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 8962 ᠲᠡᠭᠰᠢ ᠳᠥᠷᠪᠡᠯᠵᠢᠨ ᠮᠧᠲᠷ ᠪᠠᠶᠢᠵᠤ᠂ 161 ᠢᠵᠢ ᠣᠷᠣᠨ ᠰᠠᠭᠤᠴᠠ ᠪᠠᠶᠢᠭᠤᠯᠬᠤ ᠪᠠᠷ ᠲᠥᠯᠥᠪᠯᠡᠵᠦ᠂ ᠵᠢᠱᠢᠯᠲᠡ ᠪᠠᠷ 350 ᠬᠥᠮᠥᠨ ᠤ ᠤᠷᠤᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠣᠳᠣᠬᠠᠨ ᠳᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠷᠤᠭᠰᠢᠲᠠᠢ ᠶᠠᠪᠤᠭᠳᠠᠵᠤ᠂ ᠪᠠᠷᠢᠯᠭ᠎ᠠ ᠶᠢᠨ ᠠᠵᠢᠯ ᠲᠠᠭᠤᠰᠬᠠᠪᠠᠯ ᠲᠤᠰᠢᠶᠠᠨ ᠬᠡᠷᠡᠭᠯᠡᠭᠦᠯᠬᠦ ᠭᠡᠵᠦ ᠪᠠᠶᠢᠨ᠎ᠠ᠃     ᠭᠦ᠋ ᠶᠠᠩ ᠰᠢᠶᠠᠨ ᠤ ᠬᠤᠩ ᠶᠤᠸᠠᠨ ᠤᠯᠠᠨ ︵ᠲᠠᠩ︶ ᠲᠠᠯᠠᠰᠲᠤ ᠴᠠᠬᠢᠭᠤᠷ ᠤᠨ ᠪᠠᠶᠢᠷᠢ ᠶᠢᠨ ᠠᠰᠠᠷ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠳᠤ 410 ᠢᠵᠢ ᠴᠢᠳᠠᠪᠤᠷᠢᠲᠠᠨ ᠤ ᠨᠡᠶᠢᠲᠡ ᠶᠢᠨ ᠪᠠᠶᠢᠷᠢ ᠬᠠᠩᠭᠠᠬᠤ ᠪᠠᠷ ᠲᠥᠯᠥᠪᠯᠡᠵᠦ ᠪᠣᠶ᠂ ᠣᠲᠣ ᠤᠷᠤᠨ ᠰᠠᠭᠤᠴᠠ ᠬᠤᠪᠢᠶᠠᠷᠢᠯᠠᠬᠤ ᠠᠵᠢᠯ ᠢ ᠨᠢᠭᠡᠨᠳᠡ ᠤᠷᠤᠭᠰᠢᠲᠠᠢ ᠪᠡᠶᠡᠯᠡᠭᠦᠯᠪᠡ᠃     ᠲᠦᠮᠡᠳ ᠪᠠᠷᠠᠭᠤᠨ ᠬᠤᠰᠢᠭᠤᠨ ᠤ ᠬᠢᠨ ᠤᠯᠠᠨ ᠲᠦᠷᠦᠯ ᠵᠦᠢᠯ ᠢᠶᠠᠷ ᠳᠠᠮᠵᠢᠭᠤᠯᠤᠨ 633 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ᠂ ᠲᠤᠬᠠᠢ ᠶᠢᠨ ᠭᠠᠵᠠᠷ ᠤᠨ ᠰᠢᠨ᠎ᠡ ᠬᠤᠳᠠ ᠶᠢᠨ ᠠᠷᠠᠳ ᠪᠣᠯᠣᠨ ᠵᠠᠯᠠᠭᠤᠴᠤᠳ ᠤᠨ ᠣᠷᠣᠨ ᠰᠠᠭᠤᠴᠠ ᠶᠢᠨ ᠳᠠᠷᠤᠭᠠᠰᠤ ᠶᠢ ᠪᠦᠲᠦᠮᠵᠢᠲᠡᠢ ᠬᠥᠩᠭᠡᠷᠡᠭᠦᠯᠪᠡ᠃     ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠳᠤᠯᠠᠬᠤ ᠶᠢᠨ ᠲᠦᠯᠦᠭᠡ᠂ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠠᠢ     1. ᠲᠥᠷᠥᠯ ᠵᠦᠢᠯ ᠤᠨ ᠲᠣᠬᠢᠷᠠᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠥᠷᠥᠯ ᠵᠦᠢᠯ ᠳᠤ ᠲᠤᠬᠠᠢ ᠶᠢᠨ ᠭᠠᠵᠠᠷ ᠲᠤ ᠬᠠᠶᠢᠨ ᠰᠢᠯᠭᠠᠯᠲᠠ ᠬᠢᠵᠦ᠂ ᠲᠥᠷᠥᠯ ᠵᠦᠢᠯ ᠤᠨ ᠬᠠᠮᠤᠭ ᠤᠨ ᠰᠢᠨ᠎ᠡ ᠪᠠᠶᠢᠳᠠᠯ ᠢ ᠣᠶᠢᠯᠠᠭᠠᠨ ᠡᠵᠡᠮᠰᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ︔     2. ᠰᠦᠯᠵᠢᠶᠡᠨ ᠳᠡᠭᠡᠷᠡᠬᠢ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠥᠷᠥᠯ ᠵᠦᠢᠯ ᠤᠨ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠲᠡᠭᠡᠭᠰᠢᠯᠡᠭᠦᠯᠪᠡ︔    3. ᠳᠡᠭᠡᠳᠦ ᠱᠠᠲᠤᠨ ᠤ ᠨᠥᠬᠦᠪᠦᠷᠢ ᠶᠢᠨ ᠪᠡᠯᠡ ᠮᠥᠩᠭᠦ ᠶᠢ ᠢᠳᠡᠪᠬᠢᠯᠡᠨ ᠣᠯᠵᠤ᠂ ᠲᠥᠷᠥᠯ ᠵᠦᠢᠯ ᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃     ᠲᠠᠷᠠᠭᠠᠴᠢ ᠶᠢᠨ ᠠᠯᠬᠤᠮ ᠳᠤ᠂ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠪᠥᠬᠦ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠳᠤᠯᠠᠨ᠎ᠠ᠃ ᠡᠭᠦᠨ ᠤ ᠬᠠᠮᠲᠤ ᠨᠢᠭᠡᠨᠲᠡ ᠪᠠᠷᠢᠵᠤ ᠳᠠᠭᠤᠰᠬᠠᠭᠰᠠᠨ ᠲᠦᠷᠦᠯ ᠵᠦᠢᠯ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠲᠠᠢ ᠬᠠᠮᠲᠤᠯᠢᠭ ᠲᠤ ᠦᠨᠡᠨ ᠬᠦ ᠠᠰᠢᠭ ᠬᠦᠷᠲᠡᠭᠡᠨ᠎ᠡ᠃  
ᠢᠷᠡᠯᠲᠡ᠄ ᠪᠤᠭᠤᠲᠤ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡ ᠶᠢᠨ ᠳ᠋ᠤᠭᠠᠷ