ᠪᠦᠬᠦ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠠᠵᠢᠯ ᠤᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/28
    10 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠬᠤᠲᠠ ᠪᠠᠯᠭᠠᠰᠤ ᠶᠢᠨ ᠢᠯᠴᠢ ᠬᠠᠩᠭᠠᠬᠤ ᠠᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠤᠮᠠᠷᠠᠲᠤ ᠶᠢᠨ ᠳᠤᠯᠠᠭᠠᠯᠠᠭ᠎ᠠ ᠶᠢᠨ ᠭᠠᠵᠠᠷ ᠣᠷᠣᠨ ᠤ ᠡᠨᠡ ᠡᠪᠦᠯ ᠢᠷᠡᠬᠦ ᠬᠠᠪᠤᠷ ᠤᠨ ᠬᠤᠲᠠ ᠪᠠᠯᠭᠠᠰᠤ ᠶᠢᠨ ᠢᠯᠴᠢ ᠬᠠᠩᠭᠠᠬᠤ ᠳᠤᠯᠠᠭᠠᠯᠠᠭ᠎ᠠ ᠶᠢᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠳᠡᠬᠦ ᠶᠢᠨ ᠬᠠᠮᠲᠤ ᠪᠥᠬᠦ ᠣᠷᠣᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
W020241025325560262875.png
    ᠬᠤᠷᠠᠯ ᠠᠴᠠ᠂ ᠡᠨᠡ ᠵᠢᠯ ᠠᠴᠠ ᠨᠠᠰᠢ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ︽ᠲᠤᠯᠠᠭᠠᠯᠭ᠎ᠠ ᠶᠢᠨ ᠢᠨᠵᠧᠨᠧᠷᠢᠩ︾ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠪᠥᠬᠦ ᠣᠷᠣᠨ ᠤ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠢᠯᠴᠢ ᠬᠠᠩᠭᠠᠬᠤ ᠠᠵᠢᠯᠯᠠᠭᠠᠨ ᠢ ᠶᠡᠷᠦᠩᠬᠡᠢ ᠳᠡᠭᠡᠨ ᠲᠣᠭᠲᠠᠭᠤᠨ ᠪᠤᠯᠭᠠᠪᠠ ᠭᠡᠵᠦ ᠵᠢᠭᠠᠨ ᠭᠠᠷᠭᠠᠪᠠ᠃    ᠬᠤᠷᠠᠯ ᠠᠴᠠ᠂ ᠡᠯ᠎ᠡ ᠭᠠᠵᠠᠷ ᠤᠨ ᠬᠢᠨ ᠤᠯᠠᠨ ᠲᠦᠮᠡᠨ ᠤ ᠢᠯᠴᠢ ᠬᠠᠩᠭᠠᠬᠤ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠢᠯᠴᠢ ᠬᠠᠩᠭᠠᠬᠤ ᠦᠢᠯᠡᠴᠢᠯᠡᠭᠡᠨ ᠤ ᠲᠤᠰᠬᠠᠢ ᠤᠳᠠᠰᠤ ᠪᠣᠯᠣᠨ ᠢᠯᠴᠢ ᠬᠠᠩᠭᠠᠬᠤ ︽ᠬᠤᠣᠰ ᠬᠠᠮᠢᠶᠠᠷᠤᠭᠴᠢ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠢᠯᠴᠢ ᠬᠠᠩᠭᠠᠬᠤ ᠬᠤᠭᠤᠴᠠᠭᠠᠨ ᠤ ︽ᠠᠷᠠᠳ ᠢ ᠰᠤᠷᠪᠤᠯᠵᠢᠯᠠᠵᠤ ᠳᠤᠯᠠᠭᠠᠯᠠᠭ᠎ᠠ ᠶᠢ ᠠᠰᠠᠭᠤᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠵᠤ᠂ ᠠᠰᠠᠭᠤᠳᠠᠯ ᠢ ᠲᠡᠷᠡ ᠳᠠᠷᠤᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠠᠷᠠᠳ ᠲᠤ ᠲᠥᠬᠦᠮ ᠦᠵᠡᠭᠦᠯᠬᠦ 12345 ᠤᠲᠠᠰᠤᠨ ᠤ ᠦᠢᠯᠡᠴᠢᠯᠡᠭᠡᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠪᠠᠶᠢᠳᠠᠯ ᠢ ᠬᠢᠨᠠᠮᠠᠭᠠᠢ ᠣᠶᠢᠯᠠᠭᠠᠨ᠂ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠢ ᠠᠰᠠᠭᠤᠳᠠᠯ᠂ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠮᠠᠭᠠᠳᠯᠠᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
W020241025325560531806.png
        ᠬᠤᠷᠠᠯ ᠠᠴᠠ᠂ ᠡᠯ᠎ᠡ ᠭᠠᠵᠠᠷ ᠤᠨ ᠬᠢᠨ ᠭᠡᠷ ᠤᠨ ᠳᠤᠯᠠᠭᠠᠨ ᠤ ᠬᠡᠮᠵᠢᠭᠦᠷ ᠤᠭᠰᠠᠷᠠᠬᠤ ᠠᠵᠢᠯ ᠢ ᠲᠦᠷᠭᠡᠳᠬᠡᠵᠦ᠂ ᠲᠣᠨᠤᠭ ᠲᠥᠬᠦᠭᠡᠷᠦᠮᠵᠢ ᠶᠢ ᠤᠭᠰᠠᠷᠠᠬᠤ ᠪᠠ ᠲᠤᠭ᠎ᠠ ᠪᠠᠷᠢᠮᠲᠠ ᠶᠢ ᠵᠣᠯᠭᠠᠭᠤᠯᠬᠤ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ᠃ ᠢᠯᠴᠢ ᠬᠠᠩᠭᠠᠯᠭ᠎ᠠ ᠶᠢᠨ ᠬᠢᠨᠠᠨ ᠬᠠᠮᠢᠶᠠᠷᠤᠯᠳᠠ ᠳᠤ ᠭᠡᠷ ᠤᠨ ᠳᠤᠯᠠᠭᠠᠨ ᠢ ᠰᠦᠯᠵᠢᠶᠡᠨ ᠳᠡᠭᠡᠷ᠎ᠡ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠬᠠᠮᠢᠶᠠᠷᠤᠯᠳᠠ ᠶᠢᠨ ᠠᠷᠭ᠎ᠠ ᠮᠠᠶ᠋ᠢᠭ ᠢ ᠣᠯᠠᠨ ᠲᠦᠮᠡᠨ ᠤ ᠵᠠᠭᠠᠯᠳᠤᠭᠰᠠᠨ ᠤ ᠲᠠᠷᠠᠭ᠎ᠠ ᠰᠠᠨᠠᠭᠠᠴᠢᠯᠠᠭᠠᠲᠤ ᠪᠤᠰᠤ ᠰᠢᠢᠳᠪᠦᠷᠢᠯᠡᠬᠦ ᠠᠴᠠ ᠤᠷᠢᠳᠴᠢᠯᠠᠨ ᠰᠡᠷᠡᠮᠵᠢᠯᠡᠭᠦᠯᠬᠦ ᠰᠠᠨᠠᠭᠠᠴᠢᠯᠠᠭ᠎ᠠ ᠠᠴᠠ ᠪᠠᠨ ᠬᠢᠨᠠᠨ ᠬᠠᠮᠢᠶᠠᠷᠬᠤ ᠵᠠᠭᠪᠤᠷ ᠳᠠᠰᠢ ᠬᠤᠪᠢᠷᠠᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠬᠢᠨᠠᠨ ᠬᠠᠮᠢᠶᠠᠷᠤᠯᠳᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠢᠯᠴᠢ ᠬᠠᠩᠭᠠᠯᠭ᠎ᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ