ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠢᠷᠭᠤᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
    10 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠢᠷᠭᠤᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠤ ᠲᠥᠯᠥᠭᠡᠯᠡᠭᠴᠢ ᠨᠡᠶᠢᠲᠡ 112 ᠬᠥᠮᠥᠨ ᠬᠤᠷᠠᠯ ᠳᠤ ᠣᠷᠣᠯᠴᠠᠵᠠᠢ᠃
W020241028337896885972.png
    ᠶᠡᠭᠡ ᠬᠤᠷᠠᠯ ᠠᠴᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠲᠠᠪᠤᠳᠤᠭᠠᠷ ᠬᠤᠭᠤᠴᠠᠭᠠᠨ ᠤ ᠪᠠᠶᠢᠭᠤᠯᠭ᠎ᠠ ᠶᠢᠨ ᠬᠤᠷᠢᠶ᠎ᠠ ᠶᠢᠨ  ᠭᠤᠣᠯᠳᠠᠯᠭ᠎ᠠ ᠶᠢᠨ ᠲᠣᠭᠤᠷᠢᠨ ᠳᠤ ᠡᠩᠨᠡᠭᠡ ᠪᠠᠨ ᠪᠠᠶᠢᠭᠤᠯᠵᠤ ᠂ ᠤᠯᠠᠨ ᠲᠦᠮᠡᠨ ᠳᠤ ᠦᠢᠯᠡᠴᠢᠯᠡᠨ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠰᠤᠨᠤᠰᠴᠦ ᠬᠢᠨᠠᠨ ᠵᠥᠪᠯᠡᠪᠡ᠃
W020241028337896956438.png
    ᠶᠡᠭᠡ ᠬᠤᠷᠠᠯ ᠠᠴᠠ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠭᠦᠢᠴᠡᠳ ᠶᠠᠷᠢᠯᠴᠠᠨ ᠵᠥᠪᠳᠡᠵᠦ ᠂ ᠵᠥᠷᠢᠶᠡᠲᠦ ᠰᠣᠩᠭᠤᠭᠤᠯᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠢᠷᠭᠤᠳᠤᠭᠠᠷ ᠬᠤᠭᠤᠴᠠᠭᠠᠨ ᠤ ᠪᠠᠶᠢᠭᠤᠯᠭ᠎ᠠ ᠶᠢᠨ ᠬᠤᠷᠢᠶ᠎ᠠ ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠪᠠ ᠃ ᠭᠦᠸᠧ ᠢᠦᠢ ᠹᠥ᠋ᠩ ᠨᠥᠬᠦᠷ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠢ ᠲᠦᠯᠦᠭᠡᠯᠡᠨ᠂ ᠲᠠᠪᠤᠳᠤᠭᠠᠷ ᠬᠤᠭᠤᠴᠠᠭᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠰᠢᠨ᠎ᠡ ᠨᠢᠭᠡ ᠬᠤᠭᠤᠴᠠᠭᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠠᠵᠢᠯ ᠤᠨ ᠱᠠᠭᠠᠷᠳᠠᠯᠭ᠎ᠠ ᠳᠤᠷᠠᠳᠴᠠᠢ ᠃
W020241028337897011365.png
    ᠶᠡᠭᠡ ᠬᠤᠷᠠᠯ ᠠᠴᠠ ᠂ ᠣᠶᠢᠷ᠎ᠠ ᠶᠢᠨ ᠵᠢᠯ ᠤᠨ ᠲᠤᠷᠰᠢ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠲᠢᠩᠬᠢᠮ ᠤᠨ ᠨᠠᠮ ᠤᠨ ᠪᠠᠶᠢᠭᠤᠯᠤᠯᠲᠠ ᠶᠢᠨ ᠠᠵᠢᠯ ᠨᠢ ᠳᠦᠷᠢᠮᠵᠢᠭᠦᠯᠦᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠵᠣᠷᠢᠭᠲᠠᠢ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠵᠤ ᠂ ᠵᠥᠭᠡᠯᠡᠨ ᠬᠠᠲᠠᠭᠤ ᠲᠤᠨᠤᠭ ᠤᠨ ᠪᠠᠶᠢᠭᠤᠯᠤᠯᠲᠠ ᠶᠢ ᠵᠡᠷᠭᠡᠪᠡᠷ ᠬᠦᠴᠦᠯᠡᠵᠦ ᠂ ᠬᠥᠮᠥᠰ ᠢ ᠪᠠᠶᠠᠷᠯᠠᠭᠤᠯᠤᠮ᠎ᠠ ᠠᠮᠵᠢᠯᠲᠠ ᠂ ᠮᠠᠰᠢ ᠤᠯᠠᠨ ᠢᠷᠠᠭᠤ ᠠᠯᠳᠠᠷ ᠢ ᠲᠡᠮᠡᠴᠡᠨ ᠣᠯᠵᠤ ᠂ ᠳᠡᠭᠡᠳᠦ ᠳᠣᠣᠷᠠᠳᠤ ᠱᠠᠲᠤᠨ ᠤ ᠡᠯ᠎ᠡ ᠲᠠᠯ᠎ᠠ ᠶᠢᠨ ᠬᠢᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ ᠂ ᠮᠠᠨ ᠤ ᠲᠢᠩᠬᠢᠮ ᠳᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠭᠰᠠᠨ ᠪᠥᠭᠡᠳ ᠪᠦᠬᠦ ᠣᠷᠣᠨ ᠤ ᠣᠷᠣᠨ ᠰᠠᠭᠤᠴᠠ ᠪᠣᠯᠣᠨ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ ᠭᠡᠵᠦ ᠨᠤᠳᠠᠯᠠᠪᠠ᠃
W020241028337897070148.png
W020241028337897152232.png
    ᠶᠡᠭᠡ ᠬᠤᠷᠠᠯ ᠠᠴᠠ ᠂ ᠤᠳᠤᠬᠠᠨ ᠳᠤ ᠂ ᠪᠦᠬᠦ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠠᠭ ᠬᠦᠴᠢᠷ ᠢ ᠲᠤᠭᠤᠯᠤᠨ ᠪᠡᠷᠬᠡ ᠶᠢ ᠲᠤᠭᠤᠯᠬᠤ ᠂ ᠡᠷᠡᠯᠬᠡᠭᠯᠡᠨ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ ᠂ ᠢᠯᠠᠩᠭᠤᠶ᠎ᠠ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ ᠂ ᠠᠵᠢᠯ ᠦᠢᠯᠡᠰ ᠤᠨ ᠬᠥᠭᠵᠢᠯᠲᠡ ᠳᠤ ᠢᠲᠡᠭᠡᠯ ᠵᠣᠷᠢᠭ ᠡᠷᠡᠰ ᠪᠠᠲᠤ ᠂ ᠡᠷᠡᠰ ᠴᠢᠩᠭ᠎ᠠ ᠬᠦᠴᠦᠨ ᠲᠠᠢ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠵᠤ ᠂ ᠠᠷᠢᠭᠤᠨ ᠴᠢᠬᠡᠴᠢ ᠂ ᠥᠨᠳᠥᠷ ᠪᠦᠲᠦᠮᠵᠢᠲᠡᠢ ᠬᠠᠮᠵᠢᠯᠴᠠᠬᠤ ᠠᠵᠢᠯ ᠤᠨ ᠰᠤᠷᠲᠠᠯ ᠢ ᠪᠤᠢ ᠪᠣᠯᠭᠠᠵᠤ ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠬᠦᠴᠦᠨ ᠢ ᠨᠢᠭᠳᠠᠷᠠᠭᠤᠯᠪᠠ ᠃ ᠲᠢᠩᠬᠢᠮ ᠤᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠦᠷᠦᠭᠦᠯᠡᠨ ︽ᠬᠤᠶᠠᠷ ᠢ ᠬᠦᠷᠢᠶᠡᠯᠡᠬᠦ ︾᠂ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ  ᠶᠢ ᠪᠡᠶᠡᠯᠡᠭᠦᠯᠪᠡ᠃ ᠭᠤᠣᠯᠳᠠᠯᠭ᠎ᠠ ᠶᠢᠨ ᠲᠣᠭᠤᠷᠢᠨ ᠳᠤ᠂ ᠡᠩᠨᠡᠭᠡ ᠪᠠᠨ ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠠᠵᠢᠯ ᠤᠨ ᠭᠤᠣᠯᠳᠠᠯᠭ᠎ᠠ ᠪᠠᠨ ᠬᠠᠮᠢᠭ᠎ᠠ ᠲᠠᠯᠪᠢᠪᠠᠯ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠲᠡᠨᠳᠡ ᠭᠠᠪᠰᠢᠭᠠᠶᠢᠯᠠᠵᠤ ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠳᠠᠷᠤᠢ ᠲᠡᠨᠳᠡ ᠲᠣᠬᠢᠷᠠᠭᠤᠯᠵᠤ ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠲᠡᠨᠳᠡ ᠢᠯᠡᠷᠡᠭᠦᠯᠵᠦ ᠂ ᠺᠠᠳ᠋ᠷ ᠢ ᠰᠢᠯᠭᠠᠨ ᠪᠠᠶᠢᠴᠠᠭᠠᠵᠤ ᠢᠯᠭᠠᠨ ᠲᠠᠨᠢᠬᠤ ᠶᠢ ᠲᠡᠨᠳᠡ ᠬᠦᠷᠲᠡᠯ᠎ᠡ ᠭᠤᠣᠯᠳᠠᠭᠤᠯᠵᠤ ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ ᠶᠢ ᠲᠡᠨᠳᠡ ᠬᠦᠷᠲᠡᠯ᠎ᠡ ᠬᠡᠯᠪᠡᠶᠢᠯᠭᠡᠵᠦ ᠂ ᠤᠯᠤᠰ ᠲᠦᠷᠦ ᠶᠢᠨ ᠬᠢᠨᠠᠯᠲᠠ ᠶᠢ ᠲᠡᠨᠳᠡ ᠬᠦᠷᠲᠡᠯ᠎ᠡ ᠶᠠᠪᠤᠭᠳᠠᠭᠤᠯᠵᠤ ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠳᠠᠬᠢ ᠬᠥᠲᠥᠯᠥᠨ ᠳᠠᠭᠠᠭᠤᠯᠬᠤ ᠂ ᠠᠬᠢᠭᠤᠯᠬᠤ ᠂ ᠪᠠᠲᠤᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ ᠪᠠᠷᠢᠮᠳᠠᠯᠠᠪᠠ ᠃ ᠠᠵᠢᠯ ᠤᠨ ᠮᠡᠳᠡᠭᠦᠯᠦᠯᠳᠡ ᠳᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠰᠠᠶᠢᠲᠤᠷ ᠠᠳᠬᠤᠵᠤ ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ ᠂ ᠤᠯᠠᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠵᠤ ᠂ ᠮᠠᠨ ᠤ ᠲᠢᠩᠬᠢᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠬᠢᠨ ᠰᠢᠨ᠎ᠡ ᠰᠢᠯᠢᠳᠡᠭ ᠠᠮᠵᠢᠯᠲᠠ ᠣᠯᠵᠤ ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠠᠢ ᠭᠡᠵᠦ ᠴᠢᠬᠤᠯᠠᠴᠢᠯᠠᠪᠠ ᠃
W020241028337897203027.png
W020241028337897262656.png
    ᠶᠡᠭᠡ ᠬᠤᠷᠠᠯ ᠠᠴᠠ ᠂ ᠰᠢᠨ᠎ᠡ ᠪᠠᠷ ᠰᠣᠩᠭᠤᠭᠳᠠᠭᠰᠠᠨ ᠭᠡᠰᠢᠭᠦᠳ ᠵᠢᠴᠢ ᠲᠢᠩᠬᠢᠮ ᠤᠨ ᠰᠢᠰᠲ᠋ᠧᠮ ᠤᠨ ᠡᠯ᠎ᠡ ᠡᠭᠦᠷ ᠤᠨ ᠱᠦᠵᠢ ᠂ ᠨᠠᠮ ᠤᠨ ᠠᠵᠢᠯ ᠤᠨ ᠪᠦᠬᠦ ᠠᠵᠢᠯᠲᠠᠳ ᠴᠥᠮ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠲᠤᠬᠠᠶᠢᠯᠠᠭᠰᠠᠨ ᠠᠵᠢᠯ ᠮᠥᠨ ᠂ ᠨᠠᠮ ᠤᠨ ᠪᠠᠶᠢᠭᠤᠯᠤᠯᠲᠠ ᠶᠢ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠵᠤ ᠂ ᠲᠤᠰᠢᠶᠠᠯ ᠢᠶᠠᠨ ᠭᠤᠲᠤᠭᠠᠭᠰᠠᠨ ᠶᠠᠪᠤᠳᠠᠯ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠨᠠᠮ ᠤᠨ ᠪᠠᠶᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ ᠃ ᠢᠯᠠᠩᠭᠤᠶ᠎ᠠ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠡᠰᠢᠭᠦᠳ ᠤᠨ ᠤᠬᠠᠮᠰᠠᠷ ᠢᠶᠠᠨ ᠴᠢᠩᠭᠠᠳᠬᠠᠨ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠢᠩᠬᠢᠮ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠲᠤᠰᠬᠠᠢ ᠮᠡᠷᠭᠡᠵᠢᠯᠲᠡᠨ ᠪᠣᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠵᠢᠱᠢᠶ᠎ᠡ ᠦᠵᠡᠭᠦᠯᠵᠦ ᠥᠯᠢᠭᠡᠷ ᠳᠠᠭᠤᠷᠢᠶᠠᠯ ᠪᠣᠯᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠨᠠᠮ ᠤᠨ ᠲᠥᠯᠥᠭᠡᠯᠡᠭᠴᠢᠳ ᠤᠬᠠᠮᠰᠠᠷ ᠢᠶᠠᠨ ᠴᠢᠩᠭᠠᠳᠬᠠᠵᠤ ᠂ ᠬᠤᠰᠢᠭᠤᠴᠢ ᠵᠢᠱᠢᠶᠡᠴᠢ ᠂ ᠬᠥᠭᠦᠷᠭᠡ ᠬᠤᠯᠪᠣᠭᠠᠰᠤ ᠂ ᠵᠥᠪᠯᠡᠭᠴᠢ ᠬᠠᠪᠰᠤᠷᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ ᠂ ᠲᠢᠩᠬᠢᠮ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠡᠯ᠎ᠡ ᠵᠦᠢᠯ ᠤᠨ ᠠᠵᠢᠯ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ︽ ᠨᠠᠮ ᠤᠨ ᠪᠠᠶᠢᠭᠤᠯᠤᠯᠲᠠ ᠪᠠᠷ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ︾ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠃ ᠲᠢᠩᠬᠢᠮ ᠤᠨ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠭᠡᠰᠢᠭᠦᠨ ᠤ ᠤᠬᠠᠮᠰᠠᠷ ᠢᠶᠠᠨ ᠴᠢᠩᠭᠠᠳᠬᠠᠵᠤ ᠂ ᠡᠯ᠎ᠡ ᠲᠠᠯ᠎ᠠ ᠪᠠᠷ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ ᠂ ᠪᠦᠬᠦ ᠣᠷᠣᠨ ᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠥᠪᠡᠷᠲᠡᠭᠡᠨ ᠵᠠᠰᠠᠬᠤ ᠣᠷᠣᠨ ᠤ ︽ ᠬᠤᠶᠠᠷ ᠶᠡᠭᠡ ᠶᠠᠪᠤᠳᠠᠯ ︾ ᠢ ᠰᠠᠶᠢᠲᠤᠷ ᠬᠢᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ ᠃
W020241028337897318281.png
    ᠬᠤᠷᠠᠯ ᠤᠨ ᠳᠠᠷᠠᠭ᠎ᠠ᠂ ᠰᠢᠨ᠎ᠡ ᠨᠢᠭᠡ ᠬᠤᠭᠤᠴᠠᠭᠠᠨ ᠤ ᠪᠠᠶᠢᠭᠤᠯᠭ᠎ᠠ  ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠣᠰ ᠲᠣᠰ ᠠᠩᠬᠠᠳᠤᠭᠠᠷ ᠪᠥᠬᠦᠳᠡ ᠬᠤᠷᠠᠯ ᠬᠤᠷᠠᠯᠳᠤᠭᠤᠯᠵᠤ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ᠂ ᠳᠡᠳ᠋ ᠱᠦᠵᠢ ᠪᠣᠯᠣᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠢ ᠰᠣᠩᠭᠤᠨ ᠭᠠᠷᠭᠠᠪᠠ᠃  
W020241028337897379893.png
 
ᠢᠷᠡᠯᠲᠡ᠄ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠨᠡᠶᠢᠳᠡ ᠶᠢᠨ ᠲᠠᠪᠴᠠᠩ