ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠢ ᠰᠢᠯᠢᠳᠡᠭᠵᠢᠭᠦᠯᠦᠨ ᠬᠠᠮᠠᠭᠠᠯᠠᠵᠤ ᠦᠢᠯᠡᠴᠢᠯᠡᠭᠡ ᠶᠢ ᠲᠦᠷ ᠵᠣᠭᠰᠣᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/10/8

    ﹇ 2024﹈ 130 ᠳ᠋ᠤᠭᠠᠷ ᠲᠣᠭᠠᠲᠤ

    ᠦᠷᠭᠦᠯᠵᠢᠯᠡᠨ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢᠨ ᠲᠥᠯᠥᠭᠡ᠂ ᠮᠠᠨ ᠤ ᠲᠢᠩᠬᠢᠮ ᠬᠡᠰᠡᠭ ᠬᠢᠷᠢ ᠬᠡᠮ  ᠤᠨ ᠲᠥᠷᠥᠯ ᠤᠨ ᠠᠵᠢᠯ ᠶᠠᠪᠤᠳᠠᠯ

ᠭᠦᠢᠴᠡᠳᠬᠡᠬᠦ ᠶᠠᠪᠤᠴᠠ ᠶᠢ ᠳᠠᠬᠢᠨ ᠰᠢᠯᠢᠳᠡᠭᠵᠢᠭᠦᠯᠵᠦ᠂ ᠰᠢᠯᠢᠳᠡᠭᠵᠢᠭᠦᠯᠬᠦ ᠶᠠᠪᠤᠴᠠ ᠪᠠ ᠪᠣᠳᠠᠲᠠᠶ ᠬᠢᠨᠠᠨ ᠵᠥᠪᠰᠢᠶᠡᠷᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂

ᠮᠠᠨ ᠤ ᠲᠢᠩᠬᠢᠮ ᠨᠢ 2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠤᠨ 18 ᠴᠠᠭ ᠠᠴᠠ 2024 ᠣᠨ ᠤ 10 ᠳ᠋ᠤᠭᠠᠷ ᠰᠠᠷ᠎ᠠ ᠶᠢᠨ 7 ᠤ ᠡᠳᠦᠷ ᠤᠨ

24 ᠴᠠᠭ ᠪᠣᠯᠲᠠᠯ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠢ ᠰᠢᠯᠢᠳᠡᠭᠵᠢᠭᠦᠯᠦᠨ ᠬᠠᠮᠠᠭᠠᠯᠠᠵᠤ᠂ ᠡᠨᠡ ᠬᠤᠭᠤᠴᠠᠭᠠᠨ ᠳᠤ ᠲᠤᠭ᠎ᠠ ᠪᠠᠷᠢᠮᠲᠠ ᠶᠢᠨ

ᠣᠨᠣᠪᠴᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠠᠲᠤᠯᠠᠬᠤ ᠶᠢᠨ ᠲᠥᠯᠥᠭᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠤᠨ ᠦᠢᠯᠡᠴᠢᠯᠡᠭᠡ ᠪᠠᠨ ᠲᠦᠷ

ᠵᠣᠭᠰᠣᠭᠠᠬᠤ ᠶᠢᠨ ᠬᠠᠮᠲᠤ᠂ ︽ᠲᠤᠰᠢᠶᠠᠬᠤ︾ ᠶᠢᠨ ᠭᠦᠢᠴᠡᠳᠬᠡᠬᠦ ᠵᠦᠢᠯᠡᠰ ᠢ ᠬᠠᠰᠤᠵᠤ ᠰᠢᠢᠳᠪᠦᠷᠢᠯᠡᠨ᠎ᠡ᠂ ᠮᠡᠳᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ

ᠭᠤᠶᠤᠴᠢᠯᠠᠭᠴᠢ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠤᠨ ᠦᠢᠯᠡᠴᠢᠯᠡᠭᠡ ᠰᠡᠷᠢᠭᠦᠳᠡᠭᠰᠡᠨ ᠤ ᠳᠠᠷᠠᠭ᠎ᠠ ᠳᠠᠬᠢᠨ ︽ᠰᠢᠨ᠎ᠡ ᠪᠠᠷ ᠭᠤᠶᠤᠴᠢᠯᠠᠬᠤ

ᠭᠤᠶᠤᠴᠢᠯᠠᠯ︾ ᠢᠶᠠᠷ ᠭᠤᠶᠤᠴᠢᠯᠠᠨ ᠮᠡᠳᠡᠭᠦᠯᠵᠦ ᠪᠣᠯᠤᠨ᠎ᠠ᠃

    ᠭᠤᠶᠤᠴᠢᠯᠠᠭᠴᠢ ᠶᠢᠨ ᠴᠠᠭ ᠲᠤᠬᠠᠶ ᠳᠤᠨᠢ ᠬᠢᠨᠠᠨ ᠪᠠᠶᠢᠴᠠᠭᠠᠭᠰᠠᠨ ᠰᠠᠨᠠᠯ  ᠢ ᠣᠯᠵᠤ  ᠮᠡᠳᠡᠵᠦ᠂ ᠨᠥᠬᠦᠵᠦ ᠵᠠᠯᠠᠷᠠᠭᠤᠯᠬᠤ ᠳᠤ ᠲᠥᠬᠦᠮ ᠪᠣᠯᠭᠠᠬᠤ ᠶᠢᠨ

ᠲᠥᠯᠥᠭᠡ᠂ ᠭᠤᠶᠤᠴᠢᠯᠠᠭᠴᠢ ᠠᠴᠠ ᠦᠢᠯᠡᠴᠢᠯᠡᠭᠡ ᠶᠢ ᠲᠦᠷ ᠵᠣᠭᠰᠣᠭᠠᠬᠤ ᠠᠴᠠ ᠡᠮᠦᠨ᠎ᠡ ᠬᠡᠷᠡᠭ ᠶᠠᠪᠤᠳᠠᠯ ᠢ ᠰᠢᠢᠳᠪᠦᠷᠢᠯᠡᠵᠦ ᠪᠠᠶᠢᠭ᠎ᠠ ᠪᠠᠶᠢᠳᠠᠯ ᠢ ᠴᠠᠭ

ᠲᠤᠬᠠᠶ ᠳᠤᠨᠢ ᠠᠩᠬᠠᠷᠴᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠢ ᠬᠠᠮᠠᠭᠠᠯᠠᠵᠤ ᠦᠢᠯᠡᠴᠢᠯᠡᠭᠡ ᠶᠢ ᠲᠦᠷ ᠵᠣᠭᠰᠣᠭᠠᠬᠤ ᠠᠴᠠ ᠪᠣᠯᠵᠣ ᠥᠷᠭᠡᠨ

ᠣᠯᠠᠨ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠳᠥᠭᠦᠮ ᠦᠭᠡᠢ ᠠᠪᠴᠢᠷᠠᠭᠰᠠᠨ ᠢ ᠠᠭᠤᠴᠢᠯᠠᠬᠤ ᠶᠢ ᠬᠦᠰᠡᠵᠦ ᠪᠠᠶᠢᠨ᠎ᠠ᠃

ᠠᠰᠠᠭᠤᠨ ᠯᠠᠪᠯᠠᠬᠤ ᠤᠲᠠᠰᠤ᠄ 0471-6944058᠂ 6944062

 

        2024 ᠣᠨ ᠤ 9 ᠳ᠋ᠦ᠋ᠭᠡᠷ ᠰᠠᠷ᠎ᠠ 23 ᠶᠢᠨ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ