ᠰᠢ ᠶᠢᠨ ᠫᠢᠩ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/11/12
    ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 9 ᠤ ᠴᠠᠭᠢᠯᠭᠠᠨ ᠮᠡᠳᠡᠭᠡ 11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃
1.jpg
    11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃ ᠵᠢᠷᠤᠭ ᠪᠣᠯ ᠰᠢ ᠶᠢᠨ ᠫᠢᠩ ᠫᠦᠯᠠᠪᠦᠸᠧ ᠲᠠᠢ ᠭᠠᠷ ᠠᠳᠬᠤᠵᠤ ᠪᠠᠶᠢᠭ᠎ᠠ ᠨᠢ ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    ᠰᠢ ᠶᠢᠨ ᠫᠢᠩ ᠂ ᠲᠠ ᠡᠨᠡ ᠵᠢᠯ ᠤᠨ 3 ᠰᠠᠷ᠎ᠠ ᠳᠤ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠡᠷᠡ ᠳᠠᠷᠤᠢ ᠳᠤᠨᠢ ᠳᠤᠮᠳᠠᠳᠤ ᠤᠯᠤᠰ ᠲᠤ ᠠᠩᠬᠠᠳᠠᠭᠴᠢ ᠤᠳᠠᠭᠠᠨ ᠤ ᠠᠶᠢᠯᠴᠢᠯᠠᠯᠲᠠ ᠬᠢᠵᠦ ᠂ ᠠᠯᠪᠠᠨ ᠶᠣᠰᠣ ᠪᠠᠷ ᠲᠤᠰᠢᠶᠠᠯ ᠳᠤ ᠭᠠᠷᠤᠭᠰᠠᠨ ᠤ ᠲᠠᠷᠠᠭ᠎ᠠ ᠪᠠᠰᠠ ᠡᠩ ᠲᠡᠷᠢᠭᠦᠨ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠲᠠᠨ ᠤ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠤᠭᠰᠠᠨ ᠪᠥᠭᠡᠳ ᠬᠤᠶᠠᠷ ᠤᠯᠤᠰ ᠤᠨ ᠬᠠᠷᠢᠯᠴᠠᠭ᠎ᠠ ᠶᠢᠨ ᠥᠨᠳᠥᠷ ᠲᠦᠪᠰᠢᠨ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷ ᠢ ᠢᠯᠡᠷᠡᠭᠦᠯᠪᠡ ᠃ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠂ ᠬᠠᠷᠢᠯᠴᠠᠨ ᠢᠲᠡᠭᠡᠵᠦ ᠬᠠᠷᠢᠯᠴᠠᠨ ᠬᠠᠪᠰᠤᠷᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠬᠤ ᠪᠣᠯ ᠥᠩᠭᠡᠷᠡᠭᠰᠡᠨ ᠬᠡᠳᠦᠨ ᠠᠷᠪᠠᠨ ᠵᠢᠯ ᠤᠨ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢᠨ ᠲᠤᠷᠰᠢᠯᠭ᠎ᠠ ᠶᠢᠨ ᠳ᠋ᠦᠩᠨᠡᠯᠲᠡ ᠪᠤᠯᠬᠤ ᠪᠥᠭᠡᠳ ᠪᠠᠰᠠ ᠢᠷᠡᠭᠡᠳᠦᠢ ᠶᠢᠨ ᠬᠤᠶᠠᠷ ᠤᠯᠤᠰ ᠤᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠲᠣᠭᠲᠠᠭᠤᠨ ᠬᠥᠭᠵᠢᠬᠦ ᠳᠤ ᠵᠢᠷᠤᠮᠯᠠᠪᠠᠰᠤ ᠵᠣᠬᠢᠬᠤ ᠴᠢᠬᠤᠯᠠ ᠵᠠᠷᠴᠢᠮ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠶᠢᠨ ᠰᠢᠨ᠎ᠡ ᠵᠠᠰᠠᠭ ᠤᠨ ᠣᠷᠳᠣᠨ ᠲᠠᠢ ᠬᠠᠮᠲᠤ ᠪᠠᠷ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠬᠥᠭᠵᠢᠵᠦ ᠪᠠᠶᠢᠭ᠎ᠠ ᠲᠣᠮᠣ ᠤᠯᠤᠰ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠂ ᠪᠦᠯᠬᠦᠮᠳᠡᠨ ᠬᠠᠮᠵᠢᠯᠴᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ ᠭᠡᠵᠦ ᠵᠢᠭᠠᠵᠤ ᠭᠠᠷᠭᠠᠪᠠ ᠃
2.jpg
    11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ    ᠰᠢ ᠶᠢᠨ ᠫᠢᠩ ᠂ ᠬᠤᠶᠠᠷ ᠲᠠᠯ᠎ᠠ ᠪᠠᠷ ᠢᠶᠠᠨ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠣᠯᠣᠨ ᠵᠠᠰᠠᠭ ᠤᠨ ᠣᠷᠳᠣᠨ ᠂ ᠬᠠᠤᠯᠢ ᠲᠣᠭᠲᠠᠭᠠᠬᠤ ᠪᠠᠶᠢᠭᠤᠯᠤᠮᠵᠢ ᠂ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ ᠂ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠮᠠᠭᠠᠯᠠᠬᠤ ᠶᠢ ᠡᠷᠡᠰ ᠳᠡᠮᠵᠢᠶ᠎ᠠ ᠃ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠠᠶᠢᠷᠢᠰᠢᠭᠤᠯᠤᠯᠲᠠ ᠶᠢ ᠤᠯᠠᠮ ᠲᠡᠭᠦᠯᠳᠡᠷᠵᠢᠭᠦᠯᠵᠦ ᠂ ᠤᠯᠤᠰ ᠲᠦᠷᠦ ᠂ ᠠᠵᠤ ᠠᠬᠤᠢ ᠂ ᠰᠣᠶᠣᠯ ᠢᠷᠭᠡᠨᠰᠢᠯ ᠂ ᠳᠠᠯᠠᠢ ᠳᠡᠭᠡᠷᠡᠬᠢ ᠂ ᠠᠮᠤᠷ ᠲᠦᠪᠰᠢᠨ ᠵᠡᠷᠭᠡ ︽ᠲᠠᠪᠤᠨ ᠶᠡᠭᠡ ᠲᠤᠯᠭᠠᠭᠤᠷᠢ ︾ ᠬᠠᠮᠲᠤᠷᠠᠯᠴᠠᠭ᠎ᠠ ᠶᠢ ᠪᠠᠶᠢᠭᠤᠯᠤᠶ᠎ᠠ ᠃ ︽ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ ᠂ ᠵᠠᠺᠠᠷᠲ᠋ᠠ – ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠢ ᠦᠷᠭᠦᠯᠵᠢᠯᠡᠨ ᠰᠠᠶᠢᠲᠤᠷ ᠡᠵᠡᠩᠨᠡᠵᠦ ᠂ ︽ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ ︾ ᠪᠣᠯᠣᠨ ︽ᠬᠤᠶᠠᠷ ᠤᠯᠤᠰ ᠤᠨ ᠬᠤᠶᠠᠷ ᠬᠦᠷᠢᠶᠡᠯᠡᠩ ︾ ᠤᠨ ᠬᠠᠮᠲᠤᠷᠠᠯᠴᠠᠭ᠎ᠠ ᠶᠢ ᠠᠬᠢᠭᠤᠯᠵᠤ ᠂ ᠲᠣᠭᠠᠴᠢᠯᠠᠭᠰᠠᠨ ᠠᠵᠤ ᠠᠬᠤᠢ ᠂ ᠲᠡᠷᠢᠭᠦᠨ ᠤ ᠦᠢᠯᠡᠳᠬᠦ ᠦᠢᠯᠡᠰ ᠂ ᠣᠷᠴᠢᠯ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ ᠂ ᠲᠡᠯᠡᠶ ᠳᠡᠭᠡᠷ᠎ᠡ ᠬᠠᠮᠲᠤ ᠪᠠᠷ ᠨᠡᠭᠡᠭᠡᠨ ᠬᠥᠭᠵᠢᠭᠦᠯᠬᠦ ᠬᠠᠮᠲᠤᠷᠠᠯᠴᠠᠭ᠎ᠠ ᠥᠷᠨᠢᠭᠦᠯᠵᠦ ᠂ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠠᠭᠤᠰᠤᠯᠴᠠᠨ ᠨᠡᠪᠲᠡᠷᠡᠯᠴᠡᠬᠦ ᠬᠥᠭᠵᠢᠯᠲᠡ ᠶᠢ ᠨᠠᠩ ᠰᠠᠶᠢᠲᠤᠷ ᠪᠡᠶᠡᠯᠡᠭᠦᠯᠵᠦ ᠂ ᠲᠣᠰ ᠲᠣᠰ ᠤᠨ ᠣᠳᠣᠬᠢᠴᠢᠯᠠᠯᠲᠠ ᠶᠢ ᠠᠬᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠲᠠᠢ ᠬᠠᠮᠲᠤ ᠪᠠᠷ ᠨᠡᠩ ᠤᠯᠠᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠴᠣᠭᠴᠠᠯᠠᠵᠤ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠡᠮ ᠡᠮᠨᠡᠯᠭᠡ ᠂ ᠠᠮᠤ ᠪᠤᠳᠠᠭ᠎ᠠ ᠲᠠᠷᠢᠬᠤ ᠂ ᠵᠢᠭᠠᠰᠤᠨ ᠠᠵᠤ ᠠᠬᠤᠢ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠢᠨᠳᠤᠨᠧᠰᠢᠶ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠳᠡᠮᠵᠢᠯᠭᠡ ᠬᠠᠩᠭᠠᠵᠤ ᠂ ᠨᠡᠩ ᠤᠯᠠᠨ ᠳᠥᠭᠦᠮ ᠳᠥᠲᠡ ᠠᠷᠭ᠎ᠠ ᠬᠡᠮᠵᠢᠶ᠎ᠡ ᠲᠣᠭᠲᠠᠭᠠᠵᠤ ᠬᠥᠮᠥᠰ ᠤᠨ ᠶᠠᠪᠤᠯᠴᠠᠭ᠎ᠠ ᠶᠢ ᠥᠷᠭᠡᠳᠬᠡᠨ᠎ᠡ ᠭᠡᠵᠦ ᠴᠢᠬᠤᠯᠠᠴᠢᠯᠠᠪᠠ ᠃
3.jpg
    11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ    ᠰᠢ ᠶᠢᠨ ᠫᠢᠩ ᠂ ᠡᠨᠡ ᠵᠢᠯ ᠪᠣᠯ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠤᠢ ᠪᠣᠯᠣᠨ᠎ᠠ ᠂ ᠢᠷᠡᠬᠦ ᠵᠢᠯ ᠪᠣᠯ ᠪᠠᠨᠳᠦ᠋ᠩ ᠤᠨ ᠬᠤᠷᠠᠯ ᠬᠤᠷᠠᠯᠳᠤᠭᠰᠠᠨ 70 ᠵᠢᠯ ᠤᠨ ᠤᠢ ᠪᠣᠯᠣᠨ᠎ᠠ ᠃ ᠬᠥᠭᠵᠢᠵᠦ ᠪᠠᠶᠢᠭ᠎ᠠ ᠲᠣᠮᠣ ᠤᠯᠤᠰ ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠭᠤᠣᠯ ᠪᠦᠷᠢᠯᠳᠦᠭᠦᠨ ᠪᠣᠯᠤᠭᠰᠠᠨ ᠤ ᠬᠤᠪᠢ ᠳᠤ ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠶᠢᠨ ᠬᠢᠨ ᠡᠩᠬᠡ ᠲᠠᠶᠢᠪᠤᠩ ᠂ ᠬᠠᠮᠲᠤᠷᠠᠯᠴᠠᠭ᠎ᠠ ᠂ ᠪᠠᠭᠲᠠᠭᠠᠮᠵᠢᠲᠠᠢ ᠂ ᠠᠭᠤᠰᠤᠯᠴᠠᠬᠤ ᠪᠠᠷ ᠭᠤᠣᠯ ᠪᠤᠯᠭᠠᠬᠰᠠᠨ ᠠᠽᠢᠶ᠎ᠠ ᠲᠢᠪ ᠤᠨ ᠦᠷᠳᠡᠭ ᠤᠨ ᠦᠵᠡᠯᠲᠡ ᠶᠢ ᠬᠠᠮᠲᠤ ᠪᠠᠷ ᠪᠠᠳᠠᠷᠠᠭᠤᠯᠵᠤ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭ᠎ᠠ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠨᠡᠮᠡᠷᠢᠯᠡᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠦᠴᠦᠷᠬᠡᠭᠵᠢᠬᠦ ᠶᠢ ᠬᠥᠲᠥᠯᠥᠨ ᠳᠠᠭᠠᠭᠤᠯᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠤᠭ᠎ᠠ ᠨᠡᠩ ᠨᠢᠭᠲᠠ ᠤᠯᠠᠨ ᠲᠠᠯᠠᠲᠤ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠥᠷᠨᠢᠭᠦᠯᠵᠦ ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠢ ᠡᠰᠡᠷᠭᠦᠴᠡᠵᠦ ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠲᠡ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠠᠬᠢᠭᠤᠯᠵᠤ ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠴᠢᠯᠠᠪᠠ ᠃
4.jpg
    11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠭᠤᠤ ᠵᠢᠶᠧ ᠰᠡᠭᠦᠳᠡᠷᠯᠡᠪᠡ    ᠫᠦᠯᠠᠪᠦᠸᠧ ᠂ ᠳᠤᠮᠳᠠᠳᠤ ᠤᠯᠤᠰ ᠪᠣᠯ ᠠᠭᠤᠤ ᠶᠡᠭᠡ ᠤᠯᠤᠰ ᠮᠥᠨ ᠂ ᠢᠨᠳᠤᠨᠧᠰᠢᠶ᠎ᠠ ᠪᠣᠯᠣᠨ ᠳᠤᠮᠳᠠᠳᠤ ᠤᠯᠤᠰ ᠮᠢᠩᠭᠠᠨ ᠵᠢᠯ ᠤᠨ ᠨᠥᠭᠦᠷᠰᠡᠭ ᠶᠠᠪᠤᠯᠴᠠᠭᠠᠨ ᠤ ᠲᠡᠦᠬᠡ ᠲᠠᠢ ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ ᠪᠠᠶᠢᠨ᠎ᠠ ᠃ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ ᠂ ᠢᠨᠳᠤᠨᠧᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠤᠯᠠᠮ ᠴᠢᠩᠭᠠᠳᠬᠠᠵᠤ ᠂ ᠨᠡᠩ ᠨᠢᠭᠲᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠵᠤ ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ ᠂ ᠡᠨᠡ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠂ ᠠᠽᠢᠶ᠎ᠠ ᠲᠢᠪ ᠤᠨ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠶᠢ ᠨᠡᠩ ᠰᠠᠶᠢᠲᠤᠷ ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠪᠣᠯᠣᠨ᠎ᠠ ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ ︾ ᠢ ᠦᠷᠭᠦᠯᠵᠢᠯᠡᠨ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ︽ᠲᠠᠪᠤᠨ ᠶᠡᠭᠡ ᠲᠤᠯᠭᠠᠭᠤᠷᠢ ︾ ᠬᠠᠮᠲᠤᠷᠠᠯᠴᠠᠭᠠᠨ ᠤ ᠪᠠᠶᠢᠷᠢᠰᠢᠯ ᠢ ᠲᠡᠭᠦᠯᠳᠡᠷᠵᠢᠭᠦᠯᠵᠦ ᠂ ᠰᠠᠭᠤᠷᠢ ᠲᠥᠬᠦᠭᠡᠷᠦᠮᠵᠢ ᠂ ᠡᠨᠧᠷᠭᠢ ᠠᠭᠤᠷᠬᠠᠢ ᠂ ᠡᠮ ᠡᠮᠨᠡᠯᠭᠡ ᠂ ᠬᠥᠳᠡᠭᠡ ᠠᠵᠤ ᠠᠬᠤᠢ ᠂ ᠣᠷᠣᠨ ᠰᠠᠭᠤᠴᠠ ᠂ ᠳᠠᠯᠠᠢ ᠳᠡᠭᠡᠷ᠎ᠡ ᠬᠠᠮᠲᠤ ᠪᠠᠷ ᠨᠡᠭᠡᠭᠡᠨ ᠬᠥᠭᠵᠢᠭᠦᠯᠬᠦ ᠂ ᠠᠮᠤ ᠪᠤᠳᠠᠭᠠᠨ ᠤ ᠠᠮᠤᠷ ᠲᠦᠪᠰᠢᠨ ᠂ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠴᠥᠭᠡᠳᠬᠡᠬᠦ ᠵᠡᠷᠭᠡ ᠪᠦᠭᠦ ᠲᠠᠯ᠎ᠠ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠨᠳᠤᠨᠧᠰᠢᠶ᠎ᠠ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠃ ᠢᠨᠳᠤᠨᠧᠰᠢᠶ᠎ᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠲᠠᠶᠢᠸᠠᠨ ᠤ ᠠᠰᠠᠭᠤᠳᠠᠯ ᠳᠡᠭᠡᠷᠡᠬᠢ ᠵᠣᠭᠰᠣᠯᠲᠠ ᠶᠢ ᠪᠦᠷᠢᠮᠦᠰᠦᠨ ᠳᠡᠮᠵᠢᠵᠦ ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠂ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠡᠷᠡᠰ ᠳᠡᠮᠵᠢᠨ᠎ᠠ ᠃ ᠰᠢᠨᠵᠢᠶᠠᠩ ᠳᠤ ᠬᠤᠯᠪᠣᠭᠳᠠᠭᠰᠠᠨ ᠬᠡᠷᠡᠭ ᠶᠠᠪᠤᠳᠠᠯ ᠪᠣᠯ ᠲᠡᠷᠡ ᠴᠢᠭ ᠢᠶᠠᠷ ᠢᠶᠠᠨ ᠳᠤᠮᠳᠠᠳᠤ ᠤᠯᠤᠰ ᠤᠨ ᠳᠣᠲᠣᠭᠠᠳᠤ ᠵᠠᠰᠠᠭ ᠮᠥᠨ ᠂ ᠢᠨᠳᠤᠨᠧᠰᠢᠶ᠎ᠠ ᠶᠢᠨ ᠬᠢᠨ ᠳᠣᠲᠣᠭᠠᠳᠤ ᠵᠠᠰᠠᠭ ᠲᠤ ᠭᠠᠷ ᠥᠯᠥ ᠲᠦᠷᠦᠭᠦ ᠵᠠᠷᠴᠢᠮ ᠢ ᠪᠠᠷᠢᠮᠲᠠᠯᠠᠨ ᠂ ᠳᠤᠮᠳᠠᠳᠤ ᠤᠯᠤᠰ ᠤᠨ ᠰᠢᠨᠵᠢᠶᠠᠩ ᠤᠨ ᠬᠥᠭᠵᠢᠯᠲᠡ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠡᠷᠡᠰ ᠳᠡᠮᠵᠢᠨ᠎ᠡ ᠃ ᠫᠠᠯᠧᠰᠲ᠋ᠠᠶᠢᠨ ᠤ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ ᠃ ᠢᠨᠳᠤᠨᠧᠰᠢᠶ᠎ᠠ ᠶᠢᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ ᠂ ᠬᠤᠯᠪᠤᠭ᠎ᠠ ᠦᠯᠦ ᠪᠠᠶᠢᠭᠤᠯᠬᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ ᠂ ᠭᠤᠷᠪᠠᠳᠤᠭᠠᠷ ᠡᠲᠡᠭᠡᠳ ᠲᠤ ᠴᠢᠭᠯᠡᠭᠦᠯᠦᠭᠰᠡᠨ ᠶᠠᠮᠠᠷᠪᠠ ᠴᠡᠷᠢᠭ ᠤᠨ ᠶᠠᠪᠤᠳᠠᠯ ᠤᠨ ᠬᠤᠯᠪᠤᠭ᠎ᠠ ᠪᠤᠶᠤ ︽ᠵᠢᠵᠢᠭ ᠪᠦᠯᠭᠦᠮ ︾  ᠳᠤ ᠣᠷᠤᠯᠴᠠᠬᠤ ᠦᠭᠡᠢ ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ ᠂ ᠳᠡᠯᠡᠬᠡᠢ ᠶᠢᠨ ᠤᠯᠠᠨ ᠲᠤᠶᠢᠯᠵᠢᠯᠳᠠ  ᠶᠢ ᠠᠬᠢᠭᠤᠯᠬᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ ᠭᠡᠵᠦ ᠢᠯᠡᠳᠬᠡᠪᠡ ᠃
6.jpg
    11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠥᠸᠧ ᠭᠦ᠋ ᠰᠡᠭᠦᠳᠡᠷᠯᠡᠪᠡ    ᠬᠡᠯᠡᠯᠴᠡᠭᠡ ᠲᠡᠭᠦᠰᠦᠭᠰᠡᠨ ᠤ ᠳᠠᠷᠠᠭ᠎ᠠ ᠂ ᠬᠤᠶᠠᠷ ᠤᠯᠤᠰ ᠤᠨ ᠲᠡᠷᠢᠭᠦᠨ ᠬᠠᠮᠲᠤ ᠪᠠᠷ ᠨᠡᠭᠡᠭᠡᠨ ᠬᠥᠭᠵᠢᠭᠦᠯᠬᠦ ᠂ ᠳᠠᠯᠠᠢ ᠲᠠᠩᠭᠢᠰ ᠤᠨ ᠠᠵᠤ ᠠᠬᠤᠢ ᠂ ᠤᠰᠤᠨ ᠠᠰᠢᠭᠯᠠᠯᠲᠠ ᠂ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ ᠃ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠢᠨᠳᠤᠨᠧᠰᠢᠶ᠎ᠠ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠣᠨ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾  ᠶᠢ ᠨᠡᠶᠢᠲᠡᠯᠡᠪᠡ ᠃
7.jpg
    11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠪᠠ ᠃    ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠢᠨᠳᠤᠨᠧᠰᠢᠶ᠎ᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠫᠦᠯᠠᠪᠦᠸᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃
8.jpg
    11 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    ᠲᠤᠰ ᠣᠷᠣᠢ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠫᠦᠯᠠᠪᠦᠸᠧ ᠶᠢ ᠤᠭᠲᠤᠬᠤ ᠳᠠᠶᠢᠯᠠᠯᠭ᠎ᠠ ᠬᠢᠪᠡ ᠃    ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ