ᠰᠢ ᠶᠢᠨ ᠫᠢᠩ ᠫᠧᠷᠦ᠋ ᠶᠢᠨ ᠵᠠᠭᠤᠴᠢᠯᠠᠭᠤᠷ ᠲᠤ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ
ᠨᠡᠶᠢᠲᠡᠯᠡᠭᠰᠡᠨ ᠴᠠᠭ᠄
2024/11/15
       ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 14 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠡᠳᠦᠷ ᠂ ᠯᠢᠮᠠ ᠳᠤ ᠬᠦᠷᠴᠦ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠭᠤᠴᠢᠨ ᠨᠢᠭᠡᠳᠦᠭᠡᠷ ᠤᠳᠠᠭ᠎ᠠ ᠶᠢᠨ ᠠᠯᠪᠠᠨ ᠶᠣᠰᠣᠨ ᠤ ᠪᠤᠰᠤ ᠬᠤᠷᠠᠯ ᠳᠤ ᠣᠷᠤᠯᠴᠠᠬᠤ ᠲᠠᠰᠢᠷᠠᠮ ᠳᠤ ᠂ ᠤᠯᠤᠰ ᠤᠨ ᠲᠡᠷᠢᠭᠦᠯᠡᠭᠴᠢ ᠰᠢ  ᠶᠢᠨ ᠫᠢᠩ ︽ ᠫᠧᠷᠦ᠋ᠴᠦᠳ ᠰᠣᠨᠢᠨ ︾ ᠳᠤ ︽ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ ︾ ᠭᠡᠬᠦ ᠰᠡᠳᠦᠪ ᠢᠶᠠᠷ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ ᠄  ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ  ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ  ᠡᠮᠦᠨᠡᠲᠦ ᠬᠠᠭᠠᠰ ᠪᠥᠮᠪᠥᠷᠴᠡᠭ ᠤᠨ ᠵᠤᠨ ᠤ ᠡᠬᠢᠨ ᠰᠠᠷ᠎ᠠ ᠳᠤ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠨ᠎ᠠ ᠃ ᠶᠡᠷᠦᠩᠬᠡᠶᠢᠯᠡᠭᠴᠢ ᠪᠦᠷᠦ᠊ ᠆ ᠠᠷᠲ᠋ᠧ ᠶᠢᠨ ᠤᠷᠢᠯᠭ᠎ᠠ ᠪᠠᠷ ᠂ ‍ᠤ‌ᠢ ᠪᠦᠭᠦᠳᠡ ᠨᠠᠶᠢᠷᠠᠮᠳᠠᠬᠤ ᠫᠧᠷᠦ᠋ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠤᠯᠴᠠᠬᠤ ᠪᠠᠷ ᠪᠠᠶᠢᠨ᠎ᠠ ᠃  ᠡᠨᠡ ᠪᠣᠯ ‍ᠤ‌ᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ ᠬᠤᠶᠠᠳᠠᠭᠢ ᠤᠳᠠᠭ᠎ᠠ ᠫᠧᠷᠦ᠋ ᠭᠡᠬᠦ ᠡᠨᠡ ᠬᠦ ᠳᠤᠮᠳᠠᠳᠤ ᠤᠯᠤᠰ ᠤᠨ ᠨᠣᠮᠣᠬᠠᠨ ᠲᠡᠯᠡᠶ ᠶᠢᠨ ᠲᠡᠷᠲᠡᠭᠡ ᠡᠷᠭᠢ ᠳᠠᠬᠢ ︽ ᠬᠥᠷᠰᠢ ᠵᠡᠷᠭᠡᠯᠡᠳᠡᠭᠡ ︾ ᠤᠯᠤᠰ ᠲᠤ ᠠᠶᠢᠯᠴᠢᠯᠠᠬᠤ ᠪᠠᠷ ᠪᠠᠶᠢᠭ᠎ᠠ ᠶᠠᠪᠤᠳᠠᠯ ᠪᠣᠯᠣᠨ᠎ᠠ ᠃ ᠠᠳᠡ ᠺᠠᠯᠠᠷ ᠂ ᠴᠠᠸᠢᠨ ᠂ ᠴᠢᠮᠦ ᠂ ᠢᠨᠺᠠ ᠵᠡᠷᠭᠡ ᠡᠷᠲᠡᠨ ᠤ ᠪᠣᠯᠪᠠᠰᠤᠨ ᠢ ᠪᠣᠶᠢᠵᠢᠭᠤᠯᠵᠠᠢ ᠂ ᠠᠳᠡᠬᠢ ᠠᠷᠠᠳ ᠲᠦᠮᠡᠨ ᠳᠤᠮᠳᠠᠳᠤ ᠤᠯᠤᠰ ᠤᠨ ᠬᠥᠮᠥᠨ ᠢ ︽ ᠨᠤᠲᠤᠭ ᠤᠨ ᠠᠬ᠎ᠠ ᠳᠡᠭᠦᠦ︾ ᠭᠡᠵᠦ ᠳᠣᠲᠣᠨᠣᠴᠢᠯᠠᠨ ᠳᠠᠭᠤᠳᠠᠳᠠᠭ ᠂ ᠠᠳᠡᠬᠢ ᠤᠯᠤᠰ ᠤᠨ ᠬᠤᠷᠠᠯ ᠠᠴᠠ ᠰᠢᠢᠳᠪᠦᠷᠢ ᠪᠠᠲᠤᠯᠠᠵᠤ ᠵᠢᠯ ᠪᠦᠷᠢ ᠶᠢᠨ 2 ᠰᠠᠷ᠎ᠠ ᠶᠢᠨ 1 ᠤ ᠡᠳᠦᠷ ᠢ ︽ ᠫᠧᠷᠦ᠋ ᠳᠤᠮᠳᠠᠳᠤ ᠶᠢᠨ ᠨᠥᠬᠦᠷᠯᠡᠯ ᠤᠨ ᠡᠳᠦᠷ ︾ ᠢᠶᠠᠷ ᠲᠣᠭᠲᠠᠭᠠᠵᠤ ᠂ ᠠᠳᠡᠬᠢ ᠬᠢᠲᠠᠳ ᠬᠤᠭᠤᠯᠠᠨ ᠭᠡᠷ ᠢ ︽ ᠬᠤᠭᠤᠯᠠ ᠢᠳᠡᠬᠦ ︾ ᠭᠡᠵᠦ ᠨᠡᠷᠡᠶᠢᠳᠬᠦ ᠪᠠᠷ ᠪᠠᠶᠢᠨ᠎ᠠ ᠃ ᠫᠧᠷᠦ᠋ ᠳᠤ ᠢᠷᠡᠬᠦ ᠪᠣᠯᠭᠠᠨ ᠂ ‍ᠤ‌ᠢ ᠫᠧᠷᠦ᠋ ᠶᠢᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠲᠦᠮᠡᠨ ᠳᠤ ᠨᠥᠭᠦᠷᠰᠡᠭ ᠬᠠᠶᠢᠷ᠎ᠠ ᠰᠡᠳᠬᠢᠯᠭᠡ ᠲᠠᠢ ᠪᠠᠶᠢᠬᠤ ᠶᠢ ᠭᠦᠨ ᠮᠡᠳᠡᠷᠡᠵᠦ ᠣᠯᠳᠠᠭ ᠃  ᠡᠨᠡ ᠬᠦ ᠨᠥᠬᠦᠷᠯᠡᠯ ᠡᠷᠲᠡᠨ ᠤ ᠪᠣᠯᠪᠠᠰᠤᠨ ᠤ ᠣᠶᠤᠨ ᠤᠬᠠᠭᠠᠨ ᠳᠤ ᠦᠨᠳᠦᠰᠦᠯᠡᠨ᠎ᠡ ᠃ ᠳᠤᠮᠳᠠᠳᠤ ᠶᠢᠨ ᠪᠣᠯᠪᠠᠰᠤᠨ ᠪᠣᠯ ᠳᠡᠯᠡᠬᠡᠢ ᠳᠡᠭᠡᠷᠡᠬᠢ ᠴᠣᠷᠢ ᠶᠢᠨ ᠭᠠᠭᠴᠠ ᠲᠠᠰᠤᠯᠳᠠᠭ᠎ᠠ ᠦᠭᠡᠢ ᠂ 5000 ᠭᠠᠷᠤᠢ ᠵᠢᠯ ᠦᠷᠭᠦᠯᠵᠢᠯᠡᠭᠰᠡᠨ ᠪᠣᠯᠪᠠᠰᠤᠨ ᠮᠥᠨ ᠂ ᠺᠠᠯᠠᠷ ᠤᠨ ᠪᠣᠯᠪᠠᠰᠤᠨ ᠢᠶᠠᠷ ᠲᠥᠯᠥᠭᠡᠯᠡᠭᠦᠯᠦᠭᠰᠡᠨ ᠲᠠᠯᠠᠢ ᠲᠠᠩᠭᠢᠰ ᠤᠨ ᠪᠣᠯᠪᠠᠰᠤᠨ ᠪᠠ ᠢᠨᠺᠠ ᠶᠢᠨ ᠪᠣᠯᠪᠠᠰᠤᠨ ᠢᠶᠠᠷ ᠲᠥᠯᠥᠭᠡᠯᠡᠭᠦᠯᠦᠭᠰᠡᠨ ᠡᠬᠡ ᠬᠠᠭᠤᠷᠠᠢ ᠶᠢᠨ ᠪᠣᠯᠪᠠᠰᠤᠨ ᠨᠢ ᠫᠧᠷᠦ᠋ ᠶᠢᠨ ᠪᠣᠯᠪᠠᠰᠤᠨ ᠤ ᠥᠨᠢ ᠤᠳᠠᠭᠠᠨ ᠲᠡᠦᠬᠡ ᠪᠠ ᠡᠯᠪᠡᠭ ‍ᠤ‌‍ᠠᠶᠠᠯᠢᠭ ᠤᠯᠠᠨ ᠡᠰᠢᠵᠢᠯ ᠢ ᠢᠯᠡᠷᠡᠭᠦᠯᠦᠭᠰᠡᠨ ᠪᠠᠶᠢᠨ᠎ᠠ ᠃ ᠳᠤᠮᠳᠠᠳᠤ ᠭᠠᠳᠠᠭᠠᠳᠤ ᠶᠢᠨ ᠬᠠᠭᠤᠴᠢ ᠰᠤᠳᠤᠯᠤᠯ ᠤᠨ ᠡᠲᠡᠭᠡᠳ ᠤᠨ ᠬᠢᠨ ᠂ ᠳᠤᠮᠳᠠᠳᠤ ᠶᠢᠨ ᠪᠣᠯᠪᠠᠰᠤᠨ ᠪᠣᠯᠣᠨ ᠠᠮᠧᠷᠢᠺᠠ ᠲᠢᠪ ᠤᠨ ᠪᠣᠯᠪᠠᠰᠤᠨ ᠪᠣᠯ ᠦᠨᠡᠨ ᠳᠡᠭᠡᠨ ᠨᠢᠭᠡ ᠡᠪᠦᠭᠡ ᠳᠡᠭᠡᠳᠦᠰ ᠤᠨ ᠬᠤᠶᠢᠴᠢ ᠦᠶ᠎ᠡ ᠶᠢᠨ ᠬᠢᠨ ᠤ ᠠᠳᠠᠯᠢ ᠪᠤᠰᠤ ᠴᠠᠭ ᠦᠶ᠎ᠡ ᠂ ᠠᠳᠠᠯᠢ ᠪᠤᠰᠤ ᠭᠠᠵᠠᠷ ᠣᠷᠣᠨ ᠳᠠᠬᠢ ᠪᠦᠲᠦᠭᠡᠭᠳᠡᠬᠦᠨ ᠮᠥᠨ ᠭᠡᠵᠦ ᠦᠵᠡᠵᠦ ᠪᠠᠶᠢᠨ᠎ᠠ ᠃ ᠪᠣᠯᠪᠠᠰᠤᠨ ᠤ ᠣᠶᠤᠨ ᠤᠬᠠᠭᠠᠨ ᠨᠢ ᠪᠢᠳᠡᠨ ᠤ ᠣᠶᠢᠯᠠᠭᠠᠭᠳᠠᠬᠤᠨ ᠢ ᠣᠶᠢᠷᠠᠲᠤᠭᠤᠯᠵᠤ ᠂ ᠰᠡᠳᠬᠢᠯ ᠰᠠᠨᠠᠭ᠎ᠠ ᠶᠢ ᠨᠡᠪᠲᠡᠷᠡᠯᠴᠡᠭᠦᠯᠪᠡ ᠃ ᠳᠤᠮᠳᠠᠳᠤᠴᠤᠳ ᠡᠷᠲᠡᠨ ᠠᠴᠠ ᠪᠠᠨ ᠠᠪᠤᠭᠠᠳ ︽ ᠦᠨᠡᠨᠴᠢ ᠰᠢᠳᠤᠷᠭᠤ ᠪᠠᠷ ᠶᠣᠰᠣ ᠵᠢᠷᠤᠮ ᠪᠤᠯᠭᠠᠵᠤ ᠂ ᠥᠷᠥᠰᠢᠶᠡᠯ ᠡᠨᠡᠷᠢᠯ ᠢᠶᠠᠷ ᠮᠣᠷᠠᠯ ᠰᠤᠷᠲᠠᠯ ᠪᠤᠯᠭᠠᠬᠤ ︾ ᠶᠢ ᠡᠷᠭᠢᠮᠯᠡᠳᠡᠭ ᠂ ᠢᠨᠺᠠᠴᠤᠳ ︽ ᠬᠤᠯᠠᠭᠠᠶᠢᠯᠠᠬᠤ ᠦᠭᠡᠢ ᠂ ᠬᠤᠳᠠᠯ ᠬᠡᠯᠡᠬᠦ ᠦᠭᠡᠢ ᠂ ᠠᠯᠵᠠᠭᠤ ᠵᠠᠯᠬᠠᠭᠤ ᠦᠭᠡᠢ ︾ ᠪᠠᠶᠢᠬᠤ ᠶᠢ ᠰᠠᠨᠠᠭᠠᠴᠢᠯᠠᠳᠠᠭ ᠃ ᠫᠧᠷᠦ᠋ ᠶᠢᠨ ᠪᠣᠳᠣᠯᠭᠠᠲᠠᠨ ᠮᠠᠷᠢᠶᠠᠲᠵᠢ ᠄ ︽ ᠤᠶᠤᠨ ᠰᠠᠨᠠᠭ᠎ᠠ ᠪᠠ ᠪᠣᠳᠠᠰ ᠤᠨ ᠲᠠᠯ᠎ᠠ ᠪᠠᠷ ᠳᠤᠮᠳᠠᠳᠤ ᠤᠯᠤᠰ ᠡᠸᠦ᠋ᠷᠦᠫᠡ ᠲᠢᠪ ᠠᠴᠠ ᠨᠡᠩ ᠢᠯᠡᠭᠦᠦ ᠪᠢᠳᠠᠨ ᠲᠠᠢ ᠣᠶᠢᠷᠠᠯᠴᠠᠭ᠎ᠠ ᠶᠤᠮ ᠃ ᠮᠠᠨ ᠤ ᠠᠷᠠᠳ ᠲᠦᠮᠡᠨ ᠤ ᠰᠡᠳᠬᠢᠴᠡ ᠠᠽᠢᠶ᠎ᠠ ᠶᠢᠨ ᠬᠥᠮᠥᠨ ᠲᠠᠢ ᠨᠠᠩ ᠠᠳᠠᠯᠢ ᠠᠴᠠ ᠪᠢᠰᠢ ᠬᠠᠷᠢᠨ ᠥᠷᠥᠨᠡᠳᠠᠬᠢᠨ ᠤ ᠬᠥᠮᠥᠨ ᠲᠠᠢ ᠠᠳᠠᠯᠢ ᠪᠢᠰᠢ ᠶᠤᠮ ︾ ᠭᠡᠵᠦ ᠬᠡᠯᠡᠵᠦ ᠥᠩᠭᠡᠷᠡᠪᠡ ᠃ ᠡᠨᠡ ᠪᠣᠯ ᠳᠤᠮᠳᠠᠳᠤ ᠶᠢᠨ ᠨᠡᠭᠦᠳᠡᠯ ᠠᠷᠠᠳ ᠤᠨ 175 ᠵᠢᠯ ᠤᠨ ᠲᠤᠷᠰᠢᠬᠢ ᠫᠧᠷᠦ᠋ ᠶᠢᠨ ᠠᠷᠠᠳ ᠲᠦᠮᠡᠨ ᠯᠦᠭᠡ ᠶᠢᠨ ᠴᠢᠰᠤ ᠮᠢᠬᠠᠨ ᠤ ‍ᠤ‌‍ᠠᠷᠢᠯᠳᠤᠯᠭ᠎ᠠ ᠂ ᠰᠠᠯᠤᠰᠢ ᠦᠭᠡᠢ ︽ ᠪᠣᠯᠪᠠᠰᠤᠨ ᠤ ᠨᠢᠭᠤᠴᠠ ᠨᠣᠮᠧᠷ ︾ ᠪᠣᠯᠣᠨ᠎ᠠ ᠃ ᠣᠶᠢᠷ᠎ᠠ ᠳᠤ ᠬᠤᠶᠠᠷ ᠤᠯᠤᠰ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠫᠧᠷᠦ᠋ ᠳᠤ ︽ ᠣᠷᠳᠣ ᠴᠠᠭᠠᠨ ᠬᠡᠷᠡᠮ ᠠᠴᠠ ᠮᠠᠴᠦ᠋ᠫᠢᠷᠴᠦ᠋ ᠭᠦᠷᠲᠡᠯ᠎ᠡ ︾ ᠭᠡᠬᠦ ᠺᠢᠨᠣ᠋ ᠶᠢ ᠠᠩᠬ᠎ᠠ ᠦᠵᠡᠭᠦᠯᠭᠦ ᠶᠣᠰᠣᠯᠠᠯ ᠢ ᠡᠷᠭᠢᠯᠡᠵᠦ ᠂ ︽ ᠭᠤᠷᠪᠠᠨ ᠴᠣᠭᠴᠠ ︾ ᠵᠡᠷᠭᠡ ᠳᠤᠮᠳᠠᠳᠤ ᠤᠯᠤᠰ ᠤᠨ ᠰᠢᠯᠢᠳᠡᠭ ᠺᠢᠨᠣ᠋ ᠲᠧᠯᠸᠢᠰ ᠤᠨ ᠪᠦᠲᠦᠭᠡᠯ ᠢ ᠳᠡᠯᠭᠡᠨ ᠦᠵᠡᠭᠦᠯᠵᠦ ᠨᠡᠪᠲᠡᠷᠡᠭᠦᠯᠬᠦ ᠪᠣᠯᠣᠨ᠎ᠠ ᠂ ᠡᠨᠡ ᠨᠢ ᠫᠧᠷᠦ᠋ ᠶᠢᠨ ᠨᠠᠶᠢᠵᠠ ᠨᠠᠷ ᠤᠨ ᠳᠤᠮᠳᠠᠳᠤ ᠤᠯᠤᠰ ᠢ ᠨᠠᠩ ᠭᠦᠨᠵᠡᠭᠡᠢ ᠣᠶᠢᠯᠠᠭᠠᠬᠤ ᠳᠤ ᠠᠰᠢᠭᠲᠠᠢ ᠭᠡᠳᠡᠭ ᠢ ᠢᠲᠡᠭᠡᠵᠦ ᠪᠠᠶᠢᠨ᠎ᠠ ᠃  ᠡᠨᠡ ᠬᠦ ᠨᠥᠬᠦᠷᠯᠡᠯ ᠨᠢ ᠠᠯᠤᠰ ᠬᠤᠯᠠ ᠠᠴᠠ ᠭᠡᠷᠡᠯᠲᠦᠨ ᠰᠠᠴᠤᠷᠠᠭᠰᠠᠨ ᠲᠡᠦᠬᠡ ᠶᠢ ᠤᠯᠠᠮᠵᠢᠯᠠᠨ᠎ᠠ ᠃ ᠳᠤᠮᠳᠠᠳᠤ ᠫᠧᠷᠦ᠋ ᠬᠤᠶᠠᠷ ᠤᠯᠤᠰ ᠤᠨ ᠠᠷᠠᠳ ᠲᠦᠮᠡᠨ ᠨᠦᠭᠦᠭᠡ ᠡᠲᠡᠭᠡᠳ ᠢᠶᠠᠨ ᠣᠯᠵᠤ ᠦᠵᠡᠪᠡᠯ ︽ ᠬᠠᠯᠠᠭᠤᠨ ᠳᠣᠲᠣᠨᠣ ᠰᠠᠨᠠᠭᠳᠠᠵᠤ ︾ ᠂ ᠨᠦᠭᠦᠭᠡ ᠡᠲᠡᠭᠡᠳ ᠤᠨ ᠢᠶᠠᠨ ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠦᠵᠡᠪᠡᠯ ︽ ᠦᠵᠡᠵᠦ ᠥᠩᠭᠡᠷᠡᠭᠰᠡᠨ ᠮᠡᠲᠦ ︾ ᠰᠠᠨᠠᠭᠳᠠᠳᠠᠭ ᠭᠡᠵᠦ ᠮᠠᠰᠢ ᠤᠯᠠᠨ ᠬᠥᠮᠥᠨ ᠬᠡᠯᠡᠵᠦ ᠪᠠᠶᠢᠨ᠎ᠠ ᠃ ᠵᠢᠱᠢᠶᠡᠯᠡᠪᠡᠯ ᠂ ᠫᠧᠷᠦ᠋ ᠠᠴᠠ ᠮᠠᠯᠲᠠᠵᠤ ᠭᠠᠷᠭᠠᠭᠰᠠᠨ ᠢᠨᠺᠠ ᠬᠥᠮᠥᠨ ᠤ ᠠᠯᠲᠠᠨ ‍ᠤ‌‍ᠠᠭ ᠨᠢ ᠳᠤᠮᠳᠠᠳᠤ ᠤᠯᠤᠰ ᠤᠨ ᠰᠠᠨ ᠰᠢᠩ ᠳ᠋ᠦᠢ ᠶᠢᠨ ᠠᠯᠲᠠᠨ ‍ᠤ‌‍ᠠᠭ ᠲᠠᠢ ᠡᠭᠡᠭᠡ ᠠᠳᠠᠯᠢᠬᠠᠨ ‍ᠤ‌‍ᠠᠶᠢᠳᠠᠭ ᠃ ᠮᠠᠴᠦ᠋ᠫᠢᠷᠴᠦ᠋ ᠶᠢᠨ ᠡᠷᠲᠡᠨ ᠤ ᠬᠤᠲᠠ ᠶᠢᠨ ᠲᠠᠭᠢᠯᠭ᠎ᠠ ᠶᠢᠨ ᠲᠠᠶᠢᠰᠠᠨ ᠳᠡᠭᠡᠷ᠎ᠡ ᠨᠢᠭᠡ ᠬᠡᠰᠡᠭ ︽ ᠨᠠᠷᠠ ᠠᠷᠭᠠᠮᠵᠢᠬᠤ ᠴᠢᠯᠠᠭᠤ ︾ ‍ᠤ‌‍ᠠᠶᠢᠳᠠᠭ ᠂ ᠢᠨᠺᠠ ᠬᠥᠮᠥᠨ ᠨᠡᠷᠡᠨ ᠤ ᠰᠡᠭᠦᠳᠡᠷ ᠤᠨ ᠬᠤᠪᠢᠷᠠᠯᠲᠠ ᠪᠠᠷ ᠤᠯᠠᠷᠢᠯ ᠢ ᠲᠣᠭᠲᠠᠭᠠᠵᠤ ᠂ ᠴᠠᠭ ᠤᠯᠠᠷᠢᠯ ᠤᠨ ‍ᠤ‌‍ᠢᠴᠢᠭ ᠢ ᠨᠠᠶᠢᠷᠠᠭᠤᠯᠤᠨ ᠵᠣᠬᠢᠶᠠᠵᠠᠢ ᠂ ᠡᠨᠡ ᠨᠢ ᠳᠤᠮᠳᠠᠳᠤ ᠤᠯᠤᠰ ᠤᠨ ᠡᠷᠲᠡᠨ ᠤ ᠡᠳᠦᠷ ᠤᠨ ᠬᠡᠮᠵᠢᠭᠦᠷ ᠲᠠᠢ ᠠᠷᠭ᠎ᠠ ᠨᠢ ᠣᠨᠳᠣᠣ ᠠᠮᠵᠢᠯᠲᠠ ᠨᠢ ᠠᠳᠠᠯᠢ ᠶᠤᠮ ᠃ ᠳᠤᠮᠳᠠᠳᠤ ᠤᠯᠤᠰ ᠤᠨ ᠡᠷᠲᠡᠨ ᠤ ᠱᠤ᠋ ᠶᠢᠨ ᠡᠪᠦᠭᠡ ᠳᠡᠭᠡᠳᠦᠰ ᠵᠢᠭᠦᠷ ᠢᠶᠠᠨ ᠳᠡᠯᠭᠡᠨ ᠬᠠᠯᠢᠨ ᠳᠡᠭᠦᠯᠢᠭᠰᠡᠨ ᠨᠡᠷᠡᠨ ᠰᠠᠬᠢᠭᠤᠯᠰᠤᠨ ᠰᠢᠪᠠᠭᠤ ᠪᠠᠷ ᠨᠠᠷᠠ ᠪᠠ ᠨᠡᠷᠡᠨ ᠰᠠᠬᠢᠭᠤᠯᠰᠤᠨ ᠢ ᠰᠢᠲᠦᠵᠦ ᠪᠠᠶᠢᠬᠤ ᠪᠠᠨ ᠢᠯᠡᠳᠬᠡᠭᠰᠡᠨ ᠨᠢ ᠢᠨᠺᠠ ᠶᠢᠨ ᠪᠣᠯᠪᠠᠰᠤᠨ ᠲᠠᠢ ᠡᠭᠡᠭᠡ ᠠᠳᠠᠯᠢ ‍ᠤ‌‍ᠠᠶᠢᠵᠤ ᠂ ᠪᠦᠷ ᠭᠡᠭᠡᠨ ᠰᠠᠷᠠᠭᠤᠯ ᠢ ᠬᠦᠰᠡᠨ ᠮᠥᠷᠥᠭᠡᠳᠴᠦ ᠪᠠᠶᠢᠬᠤ ᠶᠢ ᠢᠯᠡᠷᠡᠭᠦᠯᠪᠡ ᠃ ᠨᠢᠳᠤᠨᠤᠨ ᠠᠴᠠ ᠨᠠᠭᠠᠰᠢ ᠂ ︽ ᠶᠠᠭᠤ ᠶᠢ ᠪᠣᠯᠪᠠᠰᠤᠨ ᠭᠡᠬᠦ ᠪᠤᠢ ︾ ᠭᠡᠬᠦ ᠪᠦᠭᠦ ᠪᠥᠮᠪᠥᠷᠴᠡᠭ ᠤᠨ ᠲᠣᠭᠤᠷᠢᠨ ᠦᠵᠡᠭᠦᠯᠭᠡ ᠫᠧᠷᠦ᠋ ᠳᠤ ᠬᠦᠷᠴᠦ ᠂ ︽ ᠢᠨᠺᠠ ᠶᠢᠨ ᠲᠡᠭᠷᠢ ᠶᠢᠨ ᠵᠠᠮ ︾ ᠪᠤᠯᠬᠤ ᠠᠨᠳᠧᠰ ᠤᠨ ᠰᠣᠶᠣᠯ ᠤᠨ ᠦᠵᠡᠭᠦᠯᠭᠡ ᠂ ︽ ᠢᠨᠺᠠᠴᠤᠳ ᠪᠠ ᠬᠠᠭᠠᠨᠲᠤ ᠤᠯᠤᠰ ᠤᠨ ᠲᠦᠷᠪᠡᠨ ᠵᠦᠭ ᠤᠨ ᠭᠠᠵᠠᠷ ︾ ᠵᠡᠷᠭᠡ ᠦᠵᠡᠭᠦᠯᠭᠡ ᠨᠢ ᠳᠤᠮᠳᠠᠳᠤ ᠤᠯᠤᠰ ᠲᠤ ᠢᠷᠡᠵᠤ ᠂ ᠬᠤᠶᠠᠷ ᠤᠯᠤᠰ ᠤᠨ ᠠᠷᠠᠳ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ ᠃ ᠣᠶᠢᠷ᠎ᠠ ᠳᠤ ᠂ ᠬᠤᠶᠠᠷ ᠲᠠᠯ᠎ᠠ ᠪᠠᠷ ᠢᠶᠠᠨ ᠫᠧᠷᠦ᠋ ᠳᠤ ︽ ᠨᠡᠷᠡᠨ ᠤ ᠭᠡᠷᠡᠯ ᠄ ᠡᠷᠲᠡᠨ ᠤ ᠱᠤ᠋ ᠤᠯᠤᠰ ᠤᠨ ᠪᠣᠯᠪᠠᠰᠤᠨ ᠬᠢᠭᠡᠳ ᠢᠨᠺᠠ ᠶᠢᠨ ᠪᠣᠯᠪᠠᠰᠤᠨ ᠤ ᠬᠠᠷᠢᠯᠴᠠᠨ ᠲᠣᠯᠢᠯᠠᠬᠤ ᠦᠵᠡᠭᠦᠯᠭᠡ ︾ ᠶᠢ ᠡᠷᠭᠢᠯᠡᠪᠠ ᠂ ᠣᠯᠠᠨ ᠤ ᠲᠣᠭᠤᠷᠢᠨ ᠦᠵᠡᠬᠦ ᠪᠠᠷ ᠢᠷᠡᠬᠦ ᠶᠢ ‍ᠤ‌‍ᠠᠶᠠᠷᠯᠠᠨ ᠤᠭᠲᠤᠵᠤ ᠪᠠᠶᠢᠨ᠎ᠠ ᠂ ᠳᠤᠮᠳᠠᠳᠤ ᠫᠧᠷᠦ᠋ ᠶᠢᠨ ᠪᠣᠯᠪᠠᠰᠤᠨ ᠰᠣᠯᠪᠢᠴᠠᠨ ᠭᠡᠷᠡᠯᠲᠦᠭᠰᠡᠨ ᠨᠠᠩ ᠣᠯᠠᠨ ᠭᠠᠵᠠᠷ ᠢ ᠡᠷᠢᠵᠦ ᠣᠯᠬᠤ ᠨᠢ ᠯᠠᠪᠲᠠᠢ ᠭᠡᠳᠡᠭ ᠢ ᠢᠲᠡᠭᠡᠵᠦ ᠪᠠᠶᠢᠨ᠎ᠠ ᠃  ᠡᠨᠡ ᠬᠦ ᠨᠥᠬᠦᠷᠯᠡᠯ ᠨᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠬᠠᠮᠲᠤᠷᠠᠯᠴᠠᠭ᠎ᠠ ᠪᠠᠷ ᠭᠦᠨᠵᠡᠭᠡᠶᠢᠷᠡᠪᠡ ᠃ ᠫᠧᠷᠦ᠋ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ‍ᠤ‌‍ᠠᠶᠢᠭᠤᠯᠤᠭᠰᠠᠨ ᠯᠠᠲ᠋ᠢᠨ ᠠᠮᠧᠷᠢᠺᠠ ᠶᠢᠨ ᠤᠯᠤᠰ ᠤᠨ ᠨᠢᠭᠡ ᠪᠣᠯᠣᠨ᠎ᠠ ᠃ ᠬᠠᠭᠠᠰ ᠢᠯᠡᠭᠦᠦ ᠵᠠᠭᠤᠨ ᠤ ᠲᠤᠷᠰᠢ ᠂ ᠳᠤᠮᠳᠠᠳᠤ ᠫᠧᠷᠦ᠋ ᠶᠢᠨ ᠬᠠᠷᠢᠯᠴᠠᠭ᠎ᠠ ᠢᠮᠠᠭᠲᠠ ᠯᠠᠪᠳᠠᠭᠤᠨ ᠢᠶᠠᠷ ᠤᠷᠤᠭᠰᠢᠯᠠᠵᠤ ᠂ ᠢᠯᠠᠩᠭᠤᠶ᠎ᠠ 2013 ᠣᠨ ᠳᠤ ᠪᠦᠭᠦ ᠲᠠᠯ᠎ᠠ ᠶᠢᠨ ‍ᠤ‌‍ᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ‍ᠤ‌‍ᠠᠶᠢᠭᠤᠯᠤᠭᠰᠠᠨ ᠠᠴᠠ ᠨᠠᠭᠠᠰᠢ ᠂ ᠬᠤᠶᠠᠷ ᠲᠠᠯ᠎ᠠ ᠶᠢᠨ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ‍ᠤ‌‍ᠠᠶᠠᠯᠢᠭ ᠦᠷ᠎ᠡ ᠪᠦᠲᠦᠭᠡᠯ ᠣᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ‍ᠤ‌‍ᠠᠶᠢᠳᠠᠯ ᠤᠨ ᠬᠤᠭᠤᠴᠠᠭᠠᠨ ᠳᠤ ᠂ ᠳᠤᠮᠳᠠᠳᠤ ᠤᠯᠤᠰ ᠫᠧᠷᠦ᠋ ᠳᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ ᠂ ᠴᠢᠳᠠᠯ ᠤᠨ ᠢᠶᠠᠨ ᠬᠢᠷᠢ ᠪᠠᠷ ᠫᠧᠷᠦ᠋ ᠳᠤ ᠸᠠᠺᠼᠢᠨ ᠪᠣᠯᠣᠨ ᠬᠢᠵᠢᠭ ᠲᠠᠢ ᠲᠡᠮᠡᠴᠡᠬᠦ ᠡᠳ᠋ ᠪᠣᠳᠠᠰ ᠬᠠᠩᠭᠠᠵᠤ ᠂ ᠵᠠᠩᠭᠢᠯᠠᠭ᠎ᠠ ᠶᠢᠨ ᠦᠶ᠎ᠡ ᠳᠤ ᠳᠤᠮᠳᠠᠳᠤ ᠤᠯᠤᠰ ᠪᠣᠯ ᠫᠧᠷᠦ᠋ ᠶᠢᠨ ᠨᠠᠶᠢᠳᠠᠪᠤᠷᠢᠲᠠᠢ ᠨᠠᠶᠢᠵᠠ ᠪᠤᠯᠬᠤ ᠶᠢ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ ᠃ ᠫᠧᠷᠦ᠋ ᠪᠣᠯ ᠳᠤᠮᠳᠠᠳᠤ ᠤᠯᠤᠰ ᠯᠤᠭ᠎ᠠ ᠴᠢᠯᠦᠭᠡᠲᠦ ᠠᠷᠠᠯᠵᠢᠶᠠᠨ ᠤ ᠬᠠᠮ ᠵᠥᠪᠯᠡᠯᠴᠡᠭᠡᠷ ᠲᠣᠬᠢᠷᠠᠯᠴᠠᠭᠰᠠᠨ ᠯᠠᠲ᠋ᠢᠨ ᠠᠮᠧᠷᠢᠺᠠ ᠶᠢᠨ ᠠᠩᠬᠠᠳᠠᠭᠴᠢ ᠤᠯᠤᠰ ᠪᠣᠯᠣᠨ᠎ᠠ ᠂ ᠬᠠᠮᠤᠭ ᠤᠨ ᠡᠷᠲᠡ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠣᠷᠣᠯᠴᠠᠬᠰᠠᠨ ᠯᠠᠲ᠋ᠢᠨ ᠠᠮᠧᠷᠢᠺᠠ ᠶᠢᠨ ᠤᠯᠤᠰ ᠤᠨ ᠨᠢᠭᠡ ᠪᠣᠯᠣᠨ᠎ᠠ ᠃ ᠳᠤᠮᠳᠠᠳᠤ ᠤᠯᠤᠰ ᠨᠢᠭᠡᠨᠲᠡ 10 ᠵᠢᠯ ᠳᠠᠷᠠᠭᠠᠯᠠᠨ ᠫᠧᠷᠦ᠋ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠠ ᠬᠠᠮᠤᠭ ᠤᠨ ᠶᠡᠭᠡ ᠭᠠᠳᠠᠭᠠᠳᠤ ᠭᠠᠷᠭᠠᠯᠲᠠ ᠶᠢᠨ ᠵᠠᠬ᠎ᠠ ᠳᠡᠯᠭᠡᠭᠦᠷ ᠪᠣᠯᠵᠤ ᠂ ᠨᠢᠳᠤᠨᠤᠨ ᠫᠧᠷᠦ᠋ ᠶᠢᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢ ᠫᠧᠷᠦ᠋ ᠶᠢᠨ ᠭᠠᠳᠠᠭᠠᠳᠤ ᠭᠠᠷᠭᠠᠯᠲᠠ ᠶᠢᠨ ᠶᠡᠷᠦᠩᠬᠡᠢ ᠬᠡᠮᠵᠢᠶᠡᠨ ᠤ 36% ᠶᠢ ᠡᠵᠡᠯᠡᠪᠡ ᠃ ᠳᠤᠮᠳᠠᠳᠤ ᠶᠢᠨ ᠪᠡᠯᠡᠲᠦ ᠠᠵᠤ ᠠᠬᠤᠶᠢᠯᠠᠯ ᠫᠧᠷᠦ᠋ ᠳᠤ ‍ᠤ‌‍ᠠᠷᠤᠭ 300 ᠳ᠋ᠦᠩᠰᠢᠭᠤᠷ ᠳ᠋ᠣᠯᠯᠠᠷ ᠤᠨ ‍ᠤ‌‍ᠡᠯᠡ ᠣᠷᠣᠭᠤᠯᠵᠠᠢ ᠃ ᠳᠤᠮᠳᠠᠳᠤ ᠶᠢᠨ ᠪᠡᠯᠡᠲᠦ ᠠᠵᠤ ᠠᠬᠤᠶᠢᠯᠠᠯ ᠤᠨ ‍ᠤ‌‍ᠡᠯᠡ ᠣᠷᠣᠭᠤᠯᠤᠭᠰᠠᠨ ᠯᠠᠰ ᠪᠠᠮᠪᠠᠰ ᠤᠨ ᠵᠡᠰ ᠤᠨ ᠠᠭᠤᠷᠬᠠᠢ ᠶᠢᠨ ᠲᠥᠷᠥᠯ ᠵᠦᠢᠯ ᠤᠨ ᠦᠢᠯᠡᠳᠬᠦᠨ ᠤ ᠥᠷᠲᠡᠭ ᠨᠢ ᠫᠧᠷᠦ᠋ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 1% ᠶᠢ ᠡᠵᠡᠯᠡᠵᠦ ᠂ ᠲᠦᠮᠡ ᠭᠠᠷᠤᠢ ᠠᠵᠢᠯ ᠤᠨ ‍ᠤ‌‍ᠠᠶᠢᠷᠢ ᠶᠢ ᠡᠭᠦᠳᠴᠡᠢ ᠃ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠳᠠᠭᠠᠭᠠᠴᠢᠯᠠᠨ ‍ᠤ‌‍ᠠᠶᠢᠭᠤᠯᠤᠭᠰᠠᠨ ᠲᠦᠮᠪᠧᠰ ᠶᠡᠭᠡ ᠲᠣᠭᠤᠷᠢᠭ ᠤᠨ ᠺᠠᠯᠢᠳᠤ᠋ ᠡᠮᠨᠡᠯᠭᠡ ᠶᠢᠨ ᠬᠤᠷᠢᠶ᠎ᠠ 10 ᠲᠦᠮᠡ ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠵᠦ ᠂ ᠯᠢᠮᠠ ᠶᠢᠨ ᠭᠤᠷᠪᠠᠨ ᠶᠡᠭᠡ ᠲᠣᠭᠤᠷᠢᠭ ᠤᠨ ᠤᠰᠤᠨ ᠤ ᠶᠠᠪᠤᠳᠠᠯ ᠤᠨ ᠲᠦᠷᠦᠯ ᠵᠦᠢᠯ ᠢ ᠪᠦᠲᠦᠭᠡᠨ ‍ᠤ‌‍ᠠᠶᠢᠭᠤᠯᠵᠤ ᠳᠠᠭᠤᠰᠤᠭᠰᠠᠨ ᠤ ᠲᠠᠷᠠᠭ᠎ᠠ 40 ᠭᠠᠷᠤᠢ ᠲᠦᠮᠡᠨ ᠫᠧᠷᠦ᠋ ᠶᠢᠨ ᠠᠷᠠᠳ ᠲᠦᠮᠡᠨ ᠤ ᠡᠷᠡᠭᠦᠯ ᠬᠠᠮᠠᠭᠠᠯᠠᠯ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠬᠦ ᠪᠣᠯᠣᠨ᠎ᠠ ᠃  ᠳᠤᠮᠳᠠᠳᠤ ᠤᠯᠤᠰ ᠤᠨ ᠡᠷᠲᠡᠨ ᠤ ᠦᠭᠡᠨ ᠳᠤ ᠄ ︽ ᠲᠦᠷᠦ ᠶᠢ ᠵᠠᠰᠠᠬᠤᠢ ᠳᠤᠷ ᠲᠣᠭᠲᠠᠭᠰᠠᠨ ᠪᠣᠳᠣᠯᠭ᠎ᠠ ᠠᠮᠣᠢ ᠂ ᠠᠷᠠᠳ ᠲᠤᠷ ᠠᠰᠢᠭ ᠣᠯᠭᠤᠬᠤ ᠠᠨᠤ ᠦᠨᠳᠦᠰᠦ ᠪᠤᠯᠠᠢ ︾ ᠭᠡᠳᠡᠭ ᠃ ᠫᠧᠷᠦ᠋ ᠶᠢᠨ ᠵᠦᠢᠷ ᠦᠭᠡᠨ ᠳᠤ ᠄ ︽ ᠠᠷᠠᠳ ᠲᠦᠮᠡᠨ ᠤ ᠲᠠᠭᠤᠨ ᠪᠣᠯ ᠳᠠᠷᠤᠢ ᠳᠡᠭᠡᠳᠦ ᠲᠡᠭᠷᠢ ᠶᠢᠨ ᠲᠠᠭᠤᠨ ᠮᠥᠨ ︾ ᠬᠡᠮᠡᠭᠰᠡᠨ ‍ᠤ‌‍ᠠᠶᠢᠳᠠᠭ ᠃ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠬᠤᠶᠠᠷ ᠤᠯᠤᠰ ᠤᠨ ᠬᠠᠮᠲᠤ ᠶᠢᠨ ᠬᠥᠭᠡᠭᠡᠴᠡᠯᠳᠦᠯ ᠮᠥᠨ ᠃ ᠪᠢᠳᠡ ᠳᠤᠮᠳᠠᠳᠤ ᠫᠧᠷᠦ᠋ ᠶᠢᠨ ᠤᠯᠠᠮᠵᠢᠯᠠᠯᠲᠤ ᠨᠥᠬᠦᠷᠯᠡᠯ ᠢ ‍ᠤ‌‍ᠠᠳᠠᠷᠠᠭᠤᠯᠵᠤ ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ ᠂ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠶ᠎ᠡ ᠃ ᠡᠨᠡ ᠵᠢᠯ ᠤᠨ 7 ᠰᠠᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ‍ᠤ‌‍ᠠᠶᠢᠷᠢᠯᠠᠭᠤᠯᠤᠯᠲᠠ ᠬᠢᠵᠡᠢ ᠂ ᠡᠨᠡ ᠨᠢ ᠫᠧᠷᠦ᠋ ᠶᠢ ‍ᠤ‌‍ᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠰᠢᠨ᠎ᠡ ᠠᠵᠠ ᠲᠣᠭᠢᠶᠠᠯ ᠬᠠᠩᠭᠠᠵᠤ ᠂ ᠳᠤᠮᠳᠠᠳᠤ ᠫᠧᠷᠦ᠋ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠳᠤ ᠰᠢᠨ᠎ᠡ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ ᠃  ᠡᠨᠡ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ ᠂ ‍ᠤ‌ᠢ ᠶᠡᠷᠦᠩᠬᠡᠶᠢᠯᠡᠭᠴᠢ ᠪᠦᠷᠦ᠊ ᠆ ᠠᠷᠲ᠋ᠧ ᠲᠠᠢ ᠬᠠᠮᠲᠤ ᠸᠢᠳᠢᠤ᠋ ᠶᠢᠨ ᠭᠡᠯᠪᠡᠷᠢ ᠪᠠᠷ ᠴᠢᠶᠠᠨᠺᠠᠢ ᠭᠠᠷᠠᠮ ᠤᠨ ᠭᠠᠷᠠᠮ ᠨᠡᠭᠡᠭᠡᠬᠦ ᠶᠣᠰᠣᠯᠠᠯ ᠳᠤ ᠣᠷᠣᠯᠴᠠᠨ᠎ᠠ ᠃ ᠴᠢᠶᠠᠨᠺᠠᠢ ᠭᠠᠷᠠᠮ ᠪᠣᠯ ᠳᠤᠮᠳᠠᠳᠤ ᠫᠧᠷᠦ᠋ ᠶᠢᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠬᠤᠯᠠ ᠲᠦᠷᠦᠯ ᠵᠦᠢᠯ ᠪᠤᠯᠬᠤ ᠪᠥᠭᠡᠳ ᠡᠮᠦᠨᠡᠲᠦ ᠠᠮᠧᠷᠢᠺᠠ ᠶᠢᠨ ᠠᠩᠬᠠᠳᠠᠭᠴᠢ ᠣᠶᠤᠨᠲᠤ ᠭᠠᠷᠠᠮ ᠪᠣᠯᠣᠨ᠎ᠠ ᠃ ᠴᠢᠶᠠᠨᠺᠠᠢ ᠭᠠᠷᠠᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠫᠧᠷᠦ᠋ ᠠᠴᠠ ᠳᠤᠮᠳᠠᠳᠤ ᠤᠯᠤᠰ ᠲᠤ ᠬᠦᠷᠬᠦ ᠳᠠᠯᠠᠢ ᠶᠢᠨ ᠲᠡᠭᠡᠭᠡᠪᠦᠷᠢ ᠶᠢᠨ ᠴᠠᠭ ᠢ 23 ᠡᠳᠦᠷ ᠪᠣᠯᠭᠠᠨ ᠪᠣᠭᠤᠨᠢᠰᠬᠠᠵᠤ ᠂ 20% ᠠᠴᠠ ᠳᠡᠭᠡᠭᠰᠢᠬᠢ ‍ᠤ‌‍ᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠢ ᠠᠷᠪᠢᠯᠠᠵᠤ ᠂ ᠵᠢᠯ ᠪᠦᠷᠢ ᠫᠧᠷᠦ᠋ ᠳᠤ 45 ᠳ᠋ᠦᠩᠰᠢᠭᠤᠷ ᠳ᠋ᠣᠯᠯᠠᠷ ᠤᠨ ᠣᠷᠣᠯᠭ᠎ᠠ ᠣᠯᠭᠤᠵᠤ ᠂ 8000 ᠭᠠᠷᠤᠢ ᠰᠢᠭᠤᠳ ᠠᠵᠢᠯ ᠣᠯᠭᠤᠬᠤ ᠠᠵᠢᠯ ᠤᠨ ‍ᠤ‌‍ᠠᠶᠢᠷᠢ ᠶᠢ ᠡᠭᠦᠳᠬᠦ ᠪᠣᠯᠣᠨ᠎ᠠ ᠃ ᠴᠢᠶᠠᠨᠺᠠᠢ ᠭᠠᠷᠠᠮ ᠤᠨ ‍ᠤ‌‍ᠠᠶᠢᠭᠤᠯᠤᠭᠳᠠᠬᠤ ᠨᠢ ᠫᠧᠷᠦ᠋ ᠶᠢᠨ ᠲᠠᠯᠠᠢ ᠳᠠᠭᠠᠤ ᠣᠷᠣᠨ ᠠᠴᠠ ᠳᠣᠲᠣᠭᠠᠳᠤ ᠬᠠᠭᠤᠷᠠᠢ ᠬᠦᠷᠬᠦ ᠂ ᠫᠧᠷᠦ᠋ ᠠᠴᠠ ᠯᠠᠲ᠋ᠢᠨ ᠠᠮᠧᠷᠢᠺᠠ ᠪᠠ ᠺᠠᠷᠢᠪᠧ ᠣᠷᠣᠨ ᠤ ᠪᠤᠰᠤᠳ ᠤᠯᠤᠰ ᠬᠦᠷᠬᠦ ᠪᠣᠰᠤᠭ᠎ᠠ ᠴᠣᠭᠴᠠᠲᠤ ᠂ ᠤᠯᠠᠨ ᠡᠰᠢᠵᠢᠭᠰᠡᠨ ᠂ ᠥᠨᠳᠥᠷ ᠪᠦᠲᠦᠮᠵᠢᠲᠡᠢ ᠬᠤᠯᠪᠣᠯᠳᠤᠨ ᠨᠡᠪᠲᠡᠷᠡᠯᠴᠡᠬᠦ ‍ᠤ‌‍ᠠᠶᠢᠷᠢᠰᠢᠯ ᠢ ‍ᠤ‌‍ᠠᠶᠢᠭᠤᠯᠵᠤ ᠂ ᠴᠢᠶᠠᠨᠺᠠᠢ ᠭᠠᠷᠠᠮ ᠢᠶᠠᠷ ᠭᠠᠷᠤᠭ᠎ᠠ ᠪᠤᠯᠭᠠᠬᠰᠠᠨ ︽ ᠰᠢᠨ᠎ᠡ ᠴᠠᠭ ᠦᠶ᠎ᠡ ᠶᠢᠨ ᠢᠨᠺᠠ ᠶᠢᠨ ᠡᠷᠲᠡᠨ ᠤ ᠵᠠᠮ ︾ ᠢ ᠴᠣᠭᠴᠠᠯᠠᠵᠤ ᠂ ᠯᠠᠲ᠋ᠢᠨ ᠠᠮᠧᠷᠢᠺᠠ ᠪᠠ ᠺᠠᠷᠢᠪᠧ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠪᠠ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠳᠤ ᠠᠰᠢᠭᠲᠠᠢ ᠶᠤᠮ ᠃ ᠭᠠᠷᠠᠮ ᠤᠨ ᠲᠥᠷᠥᠯ ᠵᠦᠢᠯ ᠤᠨ ᠬᠡᠯᠲᠡᠰ ‍ᠤ‌‍ᠠᠰᠠ ᠠᠮᠢᠲᠠᠨ ᠢ ᠠᠪᠤᠷᠠᠨ ᠲᠤᠰᠠᠯᠠᠬᠤ ᠥᠷᠲᠡᠭᠡ ‍ᠤ‌‍ᠠᠶᠢᠭᠤᠯᠵᠤ ᠂ ᠶᠠᠪᠠᠭᠠᠨ ᠭᠠᠯᠠᠭᠤ ᠂ ᠲᠡᠯᠡᠶ ᠶᠢᠨ ᠬᠠᠪ ᠂ ᠰᠢᠪᠠᠭᠤᠨ ᠤ ᠲᠥᠷᠥᠯ ᠢ ᠠᠪᠤᠷᠠᠨ ᠲᠤᠰᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ ᠂ ᠨᠤᠭᠤ ᠭᠠᠵᠠᠷ ᠂ ᠲᠡᠯᠡᠶ ᠶᠢᠨ ᠲᠠᠩ ᠂ ᠠᠮᠢᠳᠤ ᠪᠣᠳᠠᠰ ᠤᠨ ᠣᠷᠣᠰᠢᠨ ᠠᠮᠢᠳᠤᠷᠠᠬᠤ ᠭᠠᠵᠠᠷ ᠤᠨ ᠣᠷᠴᠢᠨ ᠲᠣᠭᠤᠷᠢᠨ ᠤ ‍ᠤ‌‍ᠠᠶᠢᠳᠠᠯ ᠢ ᠰᠠᠶᠢᠵᠢᠷᠠᠭᠤᠯᠪᠠ ᠃ ᠪᠢᠳᠠ ᠬᠠᠮᠲᠤ ᠪᠠᠷ ᠴᠢᠶᠠᠨᠺᠠᠢ ᠭᠠᠷᠠᠮ ᠢ ᠰᠠᠶᠢᠲᠤᠷ ᠪᠦᠲᠦᠭᠡᠨ ‍ᠤ‌‍ᠠᠶᠢᠭᠤᠯᠵᠤ ᠂ ᠰᠠᠶᠢᠲᠤᠷ ᠡᠵᠡᠩᠨᠡᠵᠦ ᠂ ︽ ᠴᠢᠶᠠᠨᠺᠠᠢ ᠠᠴᠠ ᠱᠠᠩᠬᠠᠢ ᠳᠤ ᠬᠦᠷᠬᠦ ︾ ᠶᠢ ᠦᠨᠡᠨ ᠬᠦ ᠳᠤᠮᠳᠠᠳᠤ ᠫᠧᠷᠦ᠋ ᠪᠠ ᠳᠤᠮᠳᠠᠳᠤ ᠯᠠᠲ᠋ᠢᠨ ᠠᠮᠧᠷᠢᠺᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠬᠥᠭᠵᠢᠯ ᠴᠡᠴᠡᠭᠯᠡᠯ ᠤᠨ ᠵᠠᠮ ᠪᠣᠯᠭᠠᠶ᠎ᠠ ᠃ ᠳᠤᠮᠳᠠᠳᠤ ᠶᠢᠨ ᠬᠢᠨ ‍ᠤ‌‍ᠠᠰᠠ ᠳᠤᠷᠠᠲᠠᠶ᠎ᠠ ᠫᠧᠷᠦ᠋ ᠳᠤ ︽ ᠪᠠᠭ᠎ᠠ ᠮᠥᠷᠲᠡᠭᠡᠨ ᠰᠠᠶᠢᠬᠠᠨ ︾ ᠠᠷᠠᠳ ᠤᠨ ᠠᠮᠢᠳᠤᠷᠠᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ ᠂ ᠯᠦ ᠪᠠᠨ ᠦᠢᠯᠡᠳᠬᠡᠯ ᠤᠨ ᠭᠠᠵᠠᠷ ᠂ ᠬᠢᠲᠠᠳ ᠭᠡᠯᠡ ᠵᠢᠭᠠᠬᠤ ᠦᠢᠯᠡᠳᠬᠡᠯ ᠤᠨ ᠭᠠᠵᠠᠷ ᠢ ᠪᠠᠶᠢᠭᠤᠯᠬᠤ ᠶᠢ ᠠᠬᠢᠭᠤᠯᠵᠤ ᠂ ᠬᠤᠶᠠᠷ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ ᠂ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤ ᠨᠡᠩ ᠤᠯᠠᠨ ᠠᠵᠢᠯ ᠤᠨ ‍ᠤ‌‍ᠠᠶᠢᠷᠢ ᠡᠭᠦᠳᠴᠦ ᠂ ᠨᠡᠶᠢᠭᠡᠮ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠵᠣᠷᠢᠭᠵᠢᠭᠤᠯᠵᠤ ᠂ ︽ ᠨᠤᠲᠤᠭ ᠤᠨ ᠠᠬ᠎ᠠ ᠳᠡᠭᠦᠦ ᠨᠠᠷ ︾ ᠤᠨ ᠨᠥᠬᠦᠷᠯᠡᠯ ᠢ ᠨᠡᠩ ᠦᠨᠡᠨ ᠪᠣᠳᠠᠲᠠᠢ ᠰᠡᠳᠬᠢᠯ ᠳᠤ ᠰᠠᠭᠤᠭᠳᠠᠮ᠎ᠠ ᠪᠣᠯᠭᠠᠨ᠎ᠠ ᠃  ᠪᠢᠳᠡ ᠪᠣᠯᠪᠠᠰᠤᠨ ᠢ ᠬᠠᠷᠢᠯᠴᠠᠨ ᠲᠣᠯᠢᠳᠠᠬᠤ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠰᠣᠶᠣᠯ ᠤᠷᠠᠯᠢᠭ ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠤ ᠰᠤᠳᠤᠯᠭᠠᠨ ᠂ ᠵᠢᠭᠤᠯᠴᠢᠯᠠᠯ ᠂ ᠵᠠᠯᠠᠭᠤᠴᠤᠳ ᠂ ᠰᠣᠶᠣᠯ ᠤᠨ ᠥᠪ ᠤᠨ ᠬᠠᠮᠠᠭᠠᠯᠠᠯᠲᠠ ᠂ ᠬᠠᠭᠤᠴᠢ ᠰᠤᠳᠤᠯᠤᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠨᠡᠩ ᠤᠯᠠᠨ ᠠᠷᠭ᠎ᠠ ᠬᠡᠮᠵᠢᠶ᠎ᠡ ᠠᠪᠴᠤ ‍ᠤ‌‍ᠠᠶᠢᠭᠠᠳ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ‍ᠤ‌‍ᠡᠬᠢᠵᠢᠭᠦᠯᠦᠶ᠎ᠡ ᠃ ᠬᠤᠶᠠᠷ ᠤᠯᠤᠰ ᠤᠨ ᠡᠷᠲᠡᠨ ᠤ ᠪᠣᠯᠪᠠᠰᠤᠨ ᠤᠯᠤᠰ ᠤᠨ ᠶᠠᠷᠢᠶᠠᠨ ᠤ ᠲᠠᠪᠴᠠᠩ ᠤᠨ ᠲᠣᠭᠲᠠᠴᠠ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ ᠂ ᠪᠦᠭᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭ᠎ᠠ ᠶᠢᠨ ᠰᠦᠯᠵᠢᠶ᠎ᠡ ᠶᠢ ᠪᠠᠶᠢᠭᠤᠯᠬᠤ ᠶᠢ ᠶᠠᠷᠢᠯᠴᠠᠵᠤ ᠂ ᠡᠯ᠎ᠡ ᠤᠯᠤᠰ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠳᠡᠮᠵᠢᠵᠦ ᠂ ᠳᠡᠯᠡᠬᠡᠢ ᠶᠢᠨ ᠠᠳᠠᠯᠢ ᠪᠤᠰᠤ ᠪᠣᠯᠪᠠᠰᠤᠨ ᠢ ᠳᠤᠮᠳᠠᠳᠤ ᠤᠯᠤᠰ ᠤᠨ ᠵᠢᠦ ᠵᠠᠢ ᠭᠧᠦ ᠶᠢᠨ ᠦ᠋ ᠼᠠᠢ ᡂᠢ ᠨᠠᠭᠤᠷ ᠪᠣᠯᠣᠨ ᠫᠧᠷᠦ᠋ ᠶᠢᠨ ᠮᠠᠷᠠᠰ ᠤᠨ ᠱᠠᠲᠤᠨ ᠲᠠᠷᠢᠶ᠎ᠠ ᠮᠡᠲᠦ ᠥᠩᠭᠡ ᠪᠤᠳᠤᠭ ᠨᠢ ᠢᠯᠭᠠᠷᠠᠵᠤ ᠂ ᠭᠡᠯᠪᠡᠷᠢ ᠳᠦᠷᠰᠦ ᠨᠢ ᠠᠳᠠᠯᠢ ᠪᠤᠰᠤ ᠪᠤᠯᠪᠠᠴᠤ ᠬᠠᠷᠢᠯᠴᠠᠨ ᠭᠡᠶᠢᠭᠦᠯᠦᠨ ᠭᠡᠷᠡᠯᠳᠦᠭᠦᠯᠵᠦ ᠂ ᠬᠠᠷᠢᠯᠴᠠᠨ ᠬᠠᠪᠰᠤᠷᠤᠯᠴᠠᠨ ᠬᠠᠷᠢᠯᠴᠠᠨ ᠲᠤᠪᠤᠶᠢᠯᠭᠠᠬᠤ ᠪᠤᠯᠭᠠᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠃  2008 ᠣᠨ ᠂ 2016 ᠣᠨ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠬᠤᠶᠠᠷ ᠤᠳᠠᠭ᠎ᠠ ᠠᠮᠵᠢᠯᠲᠠ ᠲᠠᠢ ᠡᠷᠭᠢᠯᠡᠭᠰᠡᠨ ᠤ ᠲᠠᠷᠠᠭ᠎ᠠ ᠂ ᠫᠧᠷᠦ᠋ ᠭᠤᠷᠪᠠᠳᠠᠭᠢ ᠤᠳᠠᠭ᠎ᠠ ᠡᠨᠡ ᠬᠦ ᠴᠢᠬᠤᠯᠠ ᠬᠤᠷᠠᠯ ᠢ ᠡᠷᠭᠢᠯᠡᠨ ᠬᠤᠷᠠᠯᠳᠤᠭᠤᠯᠬᠤ ᠪᠣᠯᠣᠨ᠎ᠠ ᠃ 3 ᠤᠳᠠᠭ᠎ᠠ ᠶᠢᠨ ᠬᠤᠷᠠᠯ ᠤᠨ ᠭᠤᠣᠯ ᠰᠡᠳᠦᠪ ᠨᠢ ︽ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠥᠭᠵᠢᠯᠲᠡ ᠶᠢᠨ ᠰᠢᠨ᠎ᠡ ᠠᠮᠠᠯᠠᠯᠲᠠ ︾ ᠠᠴᠠ ︽ ᠴᠢᠨᠠᠷ ᠰᠠᠶᠢᠲᠠᠢ ᠨᠡᠮᠡᠭᠳᠡᠯ ᠪᠣᠯᠣᠨ ᠬᠥᠮᠥᠨ ᠲᠥᠷᠥᠯᠬᠢᠲᠡᠨ ᠤ ᠬᠥᠭᠵᠢᠯᠲᠡ ︾ ᠭᠦᠷᠲᠡᠯ᠎ᠡ ᠂ ᠲᠠᠭᠢᠭᠠᠳ ᠡᠨᠡ ᠵᠢᠯ ᠤᠨ ︽ ᠡᠨᠧᠷᠭᠢ ᠣᠯᠭᠤᠯᠲᠠ ᠂ ‍ᠤ‌‍ᠠᠭᠲᠠᠭᠠᠮᠵᠢᠲᠠᠢ ᠂ ᠨᠡᠮᠡᠭᠳᠡᠯ ︾ ᠭᠦᠷᠲᠡᠯ᠎ᠡ ᠂ ᠫᠧᠷᠦ᠋ ᠶᠢᠨ ᠲᠠᠯ᠎ᠠ ᠶᠢᠨ ᠨᠡᠭᠡᠭᠡᠯᠲᠡᠲᠤ ᠭᠡᠯᠪᠡᠷᠢ ᠶᠢᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠡᠷᠡᠰ ‍ᠤ‌‍ᠠᠲᠤ ᠢᠲᠡᠭᠡᠯ ᠵᠣᠷᠢᠭ ᠢ ᠭᠦᠢᠴᠡᠳ ᠢᠯᠡᠷᠡᠭᠦᠯᠵᠦ ᠂ ᠨᠡᠭᠡᠭᠡᠯᠲᠡᠲᠡᠢ ‍ᠤ‌‍ᠠᠭᠲᠠᠭᠠᠮᠵᠢᠲᠠᠢ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ︽ ᠯᠢᠮᠠ ᠶᠢᠨ ᠳᠠᠭᠤᠨ ︾ ᠢ ᠬᠦᠴᠦᠲᠡᠢ ᠬᠠᠩᠭᠢᠨᠠᠭᠤᠯᠤᠭᠰᠠᠨ ᠪᠠᠶᠢᠨ᠎ᠠ ᠃ ᠫᠧᠷᠦ᠋ ᠶᠢᠨ ᠬᠢᠨ ᠤ ᠬᠤᠷᠠᠯ ᠡᠷᠭᠢᠯᠡᠭᠦ ᠶᠢ ᠳᠤᠮᠳᠠᠳᠤ ᠤᠯᠤᠰ ᠡᠷᠡᠰ ᠲᠡᠮᠵᠢᠵᠤ ᠂ ᠳᠤᠷᠠᠲᠠᠶ᠎ᠠ ᠫᠧᠷᠦ᠋ ᠶᠢᠨ ᠬᠢᠨ ᠲᠠᠢ ᠨᠢᠭᠲᠠ ᠬᠠᠮᠵᠢᠯᠴᠠᠵᠤ ᠂ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠣᠯᠬᠤ ᠶᠢ ᠠᠬᠢᠭᠤᠯᠵᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠳᠤ ᠰᠢᠨ᠎ᠡ ︽ ᠯᠢᠮᠠ ᠶᠢᠨ ᠢᠮ ᠲᠡᠮᠳᠡᠭ ︾ ᠢ ᠦᠯᠡᠳᠡᠭᠡᠵᠦ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠃  ᠣᠳᠣᠬᠠᠨ ᠳᠤ ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠨ ᠬᠤᠪᠢᠷᠠᠵᠤ ᠂ ᠬᠥᠮᠥᠨ ᠲᠥᠷᠥᠯᠬᠢᠲᠡᠨ ᠤ ᠨᠡᠶᠢᠭᠡᠮ ᠳᠠᠭᠢᠨ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠵᠠᠢ ᠃ ᠫᠧᠷᠦ᠋ ᠶᠢᠨ ᠨᠠᠰᠺᠠ ᠶᠢᠨ ᠪᠣᠯᠪᠠᠰᠤᠨ ᠤ ᠯᠤᠲᠤ ᠶᠡᠭᠡ ᠭᠠᠵᠠᠷ ᠤᠨ ᠭᠠᠳᠠᠷᠭᠤ ᠶᠢᠨ ᠵᠢᠷᠤᠭ ᠨᠢ ᠲᠡᠭᠦᠨ ᠤ ᠳᠣᠲᠣᠷ᠎ᠠ ᠨᠢ ᠪᠠᠶᠢᠭ᠎ᠠ ᠬᠥᠮᠥᠰ ᠢ ᠲᠥᠭᠡᠷᠢᠭᠳᠡᠭᠦᠯᠵᠦ ᠂ ᠭᠠᠭᠴᠠ ᠬᠦ ᠥᠨᠳᠥᠷ ᠲᠤ ᠵᠣᠭᠰᠣᠪᠠᠯ ᠰᠠᠶ᠋ᠢ ᠪᠦᠭᠦ ᠲᠥᠷᠬᠦ ᠶᠢ ᠨᠢ ᠠᠵᠢᠭᠯᠠᠵᠤ ᠴᠢᠳᠠᠳᠠᠭ ᠃ ᠳᠤᠮᠳᠠᠳᠤ ᠶᠢᠨ ᠰᠢᠯᠦᠭ ᠲᠤ ︽ ᠥᠪᠡᠷ ᠤᠨ ‍ᠤ‌‍ᠡᠶ᠎ᠡ ᠥᠨᠳᠥᠷ ᠲᠡᠭᠷᠢ ᠳᠤᠷ ᠪᠠᠶᠢᠬᠤ ᠲᠤᠯᠠ ᠂ ᠥᠩᠭᠡᠷᠡᠬᠦ ᠡᠭᠦᠯᠡᠨ ᠤ ᠪᠠᠷ᠎ᠠ ᠬᠠᠯᠬᠠᠯᠠᠬᠤ ᠠᠴᠠ ᠠᠶᠤᠬᠤ ᠦᠭᠡᠢ ︾ ᠭᠡᠵᠦ ᠰᠢᠯᠦᠭᠯᠡᠭᠰᠡᠨ ‍ᠤ‌‍ᠠᠶᠢᠳᠠᠭ ᠃ ᠳᠤᠮᠳᠠᠳᠤ ᠤᠯᠤᠰ ᠳᠤᠷᠠᠲᠠᠶ᠎ᠠ ᠫᠧᠷᠦ᠋ ᠲᠠᠢ ᠬᠠᠮᠲᠤ ᠪᠠᠷ ᠥᠨᠳᠥᠷ ᠲᠤ ᠵᠣᠭᠰᠣᠨ ᠠᠯᠤᠰ ᠢ ‍ᠤ‌‍ᠠᠷᠠᠯᠠᠬᠤ ᠶᠢ ‍ᠤ‌‍ᠠᠷᠢᠮᠲᠠᠯᠠᠵᠤ ᠂ ᠲᠡᠦᠬᠡ ᠶᠢᠨ ᠤᠷᠳᠤ ᠦᠶᠡᠯᠡᠯ ᠠᠴᠠ ᠳᠡᠯᠡᠬᠡᠢ ᠶᠢᠨ ᠶᠡᠭᠡ ᠬᠠᠨᠳᠤᠰᠢ ᠶᠢ ᠡᠵᠡᠮᠳᠡᠵᠦ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠵᠢᠯᠲᠡ ᠂ ᠲᠦᠭᠡᠮᠡᠯ ᠬᠠᠷᠠᠭᠠᠯᠵᠠᠯᠲᠤ ‍ᠤ‌‍ᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠃  ᠯᠠᠲ᠋ᠢᠨ ᠠᠮᠧᠷᠢᠺᠠ ᠲᠢᠪ ᠤᠨ ᠨᠠᠶᠢᠵᠠ ᠨᠠᠷ ᠦᠷᠭᠦᠯᠵᠢ ᠄ ︽ ᠰᠥᠰᠥ ᠵᠣᠷᠢᠭ ᠦᠭᠡᠢ ᠬᠥᠮᠥᠨ ᠬᠡᠵᠢᠶ᠎ᠡ ᠴᠦ ᠠᠭᠤᠯᠠ ᠠᠪᠠᠷᠢᠵᠤ ᠲᠠᠩᠬᠢᠰ ᠭᠠᠲᠤᠯᠵᠤ ᠲᠡᠶᠢᠯᠭᠦ ᠦᠭᠡᠢ ︾ ᠭᠡᠯᠴᠡᠳᠡᠭ ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠳᠤᠮᠳᠠᠳᠤ ᠤᠯᠤᠰ ᠳᠤᠷᠠᠲᠠᠶ᠎ᠠ ᠫᠧᠷᠦ᠋ ᠶᠢᠨ ᠨᠠᠶᠢᠵᠠ ᠨᠠᠷ ᠲᠠᠢ ᠬᠠᠮᠲᠤ ᠪᠠᠷ ᠰᠡᠳᠬᠢᠯ ᠨᠢᠭᠡᠳᠦᠨ ᠢᠵᠢᠯᠢ ᠴᠢᠭᠯᠡᠯ ᠢᠶᠠᠷ ᠤᠷᠤᠭᠰᠢᠯᠠᠵᠤ ᠂ ᠠᠭᠤᠯᠠ ᠲᠠᠩᠬᠢᠰ ᠢ ᠳᠠᠪᠠᠵᠤ ᠂ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠵᠢᠯᠣᠭᠤᠳᠤᠨ ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠨ᠎ᠠ ︕  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ