ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠬᠢᠷᠠᠯᠴᠠᠪᠠ  ᠸᠠᠩ ᠯᠢ ᠰᠢᠶᠠ  ᠨᠢᠢ ᠬᠤᠩ ᠬᠠᠮᠲᠤ ᠪᠠᠷ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/11/25
    11 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠬᠥᠬᠡᠬᠤᠲᠠ ᠳᠤ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ ᠤᠷᠤᠰᠢᠨ ᠰᠠᠭᠤᠬᠤ ᠳᠤ ᠲᠣᠬᠢᠷᠡᠮᠵᠢᠲᠠᠢ ᠤᠶᠠᠨ ᠴᠢᠨᠠᠷᠲᠠᠢ ᠤᠶᠤᠨᠴᠢ ᠬᠤᠳᠠ ᠶᠢ ᠪᠦᠳᠦᠭᠡᠨ ᠪᠠᠶᠢᠭᠤᠯᠬᠤ︾ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠨᠢᠢ ᠬᠤᠩ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠥᠰᠥᠭ ᠵᠢᠷᠤᠪᠠ᠃
W020241121331244471492.png
    11 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠬᠥᠬᠡᠬᠤᠲᠠ ᠳᠤ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ ᠤᠷᠤᠰᠢᠨ ᠰᠠᠭᠤᠬᠤ ᠳᠤ ᠲᠣᠬᠢᠷᠡᠮᠵᠢᠲᠠᠢ ᠤᠶᠠᠨ ᠴᠢᠨᠠᠷᠲᠠᠢ ᠤᠶᠤᠨᠴᠢ ᠬᠤᠳᠠ ᠶᠢ ᠪᠦᠳᠦᠭᠡᠨ ᠪᠠᠶᠢᠭᠤᠯᠬᠤ︾ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠨᠢᠢ ᠬᠤᠩ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠥᠰᠥᠭ ᠵᠢᠷᠤᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ    ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠪᠣᠬᠢᠷᠲᠤᠯ ᠥᠬᠡᠶ ᠪᠠᠭ᠋᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ᠂ ᠤᠷᠤᠰᠢᠨ ᠰᠠᠭᠤᠬᠤ ᠳᠤ ᠲᠣᠬᠢᠷᠡᠮᠵᠢᠲᠠᠢ ᠤᠶᠠᠨ ᠴᠢᠨᠠᠷᠲᠠᠶ ᠤᠶᠤᠨᠴᠢ ᠬᠤᠲᠠ ᠶᠢ ᠪᠥᠲᠥᠭᠡᠨ ᠪᠠᠶᠢᠭᠤᠯᠬᠤ᠂ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠴᠢᠩᠭᠠᠳᠬᠠᠬᠤ᠂ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠋᠎ᠠ ᠶᠢᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠋᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠤᠨ᠋᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠭᠡᠷ᠎ᠡ ᠲᠣᠭᠲᠠᠬᠤ ᠶᠢ ᠡᠷᠭᠢᠯᠡᠪᠡ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ