ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠶᠠᠮᠤᠨ ᠤᠷᠤᠨ ᠤ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠢ ᠨᠠᠶᠢᠳᠠᠪᠤᠷᠢᠵᠢᠭᠤᠯᠬᠤ ᠶᠢ ᠢᠳᠡᠪᠬᠢᠳᠡᠢ ᠠᠬᠢᠭᠤᠯᠪᠠ
ᠨᠡᠶᠢᠲᠡᠯᠡᠭᠰᠡᠨ ᠴᠠᠭ᠄
2024/11/26
    ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠯᠢ ᠶᠦᠩ ᠲᠤᠤ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠥᠬᠡᠬᠤᠲᠠ ᠳᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠣᠶᠤᠨᠴᠢ ᠬᠤᠳᠠ ᠶᠢ ᠪᠦᠲᠦᠭᠡᠨ ᠪᠠᠶᠢᠭᠤᠯᠤᠶ᠎ᠠ︾ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠶᠠᠮᠤᠨ ᠣᠷᠣᠨ ᠤ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠢᠳᠡᠪᠬᠢᠲᠡᠢ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠤᠳᠠᠳᠠᠢ ᠨᠠᠷᠢᠯᠢᠭ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠦᠨ᠎ᠡ ᠴᠠᠨ᠎ᠠ ᠶᠢ ᠬᠥᠭᠵᠢᠯᠲᠡ ᠶᠢᠨ ᠪᠣᠳᠠᠲᠤ ᠬᠦᠴᠦᠨ ᠪᠣᠯᠭᠠᠨ ᠬᠤᠪᠢᠷᠠᠭᠤᠯᠬᠤ ᠶᠢ ᠦᠨᠡᠨ ᠬᠦ ᠪᠠᠳᠤᠯᠠᠨ᠎ᠠ᠃     ᠲᠥᠷᠥ ᠶᠢᠨ ᠪᠣᠳᠣᠯᠭ᠎ᠠ ᠶᠢ ᠬᠦᠯᠢᠶᠡᠨ ᠠᠪᠬᠤ ᠲᠠᠯ᠎ᠠ  ᠪᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠣᠶᠤᠨᠴᠢ ᠬᠤᠲᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ︾ ᠤᠨ ᠲᠥᠷᠥ ᠶᠢᠨ ᠪᠣᠳᠣᠯᠭ᠎ᠠ ᠶᠢᠨ ᠵᠣᠯᠭᠠᠯᠲᠠ ᠶᠢ ᠬᠠᠮᠵᠢᠯᠴᠠᠨ ᠰᠠᠶᠢᠲᠤᠷ ᠠᠳᠬᠤᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠬᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠲᠠᠨ ᠣᠶᠤᠨᠴᠢ ᠬᠤᠲᠠ ᠶᠢ ᠪᠦᠲᠦᠭᠡᠨ ᠪᠠᠶᠢᠭᠤᠯᠬᠤ᠂ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠬᠤ᠂ ᠬᠤᠲᠠ ᠪᠠᠯᠭᠠᠰᠤ ᠶᠢᠨ ᠳᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠲᠠᠯ᠎ᠠ ᠪᠠᠷ ᠶᠠᠮᠤᠨ ᠣᠷᠣᠨ ᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃     ᠭᠤᠣᠯᠳᠠᠯᠭᠠᠲᠤ ᠡᠭᠦᠷᠭᠡ ᠶᠢ ᠨᠠᠷᠢᠯᠢᠭᠵᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠶᠠᠮᠤᠨ ᠣᠷᠣᠨ ᠤ ᠬᠠᠮᠲᠤᠷᠠᠯᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠭᠤᠣᠯᠳᠠᠯᠭ᠎ᠠ ᠲᠠᠢ ᠡᠭᠦᠷᠭᠡ ᠶᠢ ᠬᠤᠪᠢᠶᠠᠷᠢᠯᠠᠬᠤ ᠲᠥᠰᠥᠯ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠡᠮᠵᠢᠯᠭᠡ ᠶᠢᠨ ᠠᠷᠭ᠎ᠠ ᠬᠡᠮᠵᠢᠶ᠎ᠡ ᠶᠢ 17 ᠲᠠᠯ᠎ᠠ ᠶᠢᠨ 28 ᠵᠦᠢᠯ ᠤᠨ ᠪᠣᠳᠠᠲᠠᠢ ᠵᠣᠯᠭᠠᠭᠤᠯᠤᠨ ᠨᠠᠶᠢᠳᠠᠪᠤᠷᠢᠵᠢᠭᠤᠯᠬᠤ ᠡᠭᠦᠷᠭᠡ ᠪᠣᠯᠭᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠦᠷ᠎ᠡ ᠪᠦᠲᠦᠭᠡᠯ ᠢ ᠠᠯᠢ ᠲᠦᠷᠭᠡᠨ ᠢᠶᠠᠷ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠪᠣᠳᠠᠲᠠᠢ ᠭᠠᠵᠠᠷ ᠣᠷᠣᠨ᠂ ᠪᠣᠳᠠᠲᠠᠢ ᠬᠤᠲᠠ ᠳᠤ ᠳᠡᠮᠵᠢᠯᠭᠡ ᠦᠵᠡᠭᠦᠯᠬᠦ ᠪᠠᠷ ᠨᠢᠭᠡᠨᠲᠡ ᠲᠣᠳᠣᠷᠬᠠᠶᠢᠯᠠᠭᠰᠠᠨ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠳᠤ ︽ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠭᠦᠯᠬᠦ︾᠂ ᠴᠢᠭᠯᠡᠯᠳᠦ ᠴᠢᠨᠠᠷᠲᠠᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠭᠤᠬᠤ ᠶᠢ ᠭᠦᠨᠵᠡᠭᠡᠢ ᠰᠤᠳᠤᠯᠤᠨ ᠮᠠᠭᠠᠳᠯᠠᠵᠤ᠂ ᠲᠥᠷᠥ ᠶᠢᠨ ᠪᠣᠳᠣᠯᠭ᠎ᠠ ᠶᠢᠨ ᠠᠰᠢᠭᠲᠠᠢ ᠲᠠᠯ᠎ᠠ ᠶᠢ ᠭᠦᠨᠵᠡᠭᠡᠢ ᠰᠤᠳᠤᠯᠤᠨ ᠮᠠᠭᠠᠳᠯᠠᠵᠤ᠂ ︽ᠭᠦᠨ ᠠᠭᠤᠳᠠᠯᠵᠤ ᠨᠠᠷᠢᠨ ᠰᠤᠳᠤᠯᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠯᠪᠣᠭᠳᠠᠯ ᠪᠦᠬᠦᠢ ᠲᠥᠷᠥᠯ ᠵᠦᠢᠯ ᠢ ᠤᠷᠢᠳᠴᠢᠯᠠᠨ ᠨᠥᠭᠡᠴᠡᠯᠡᠨ ᠲᠥᠯᠥᠪᠯᠡᠵᠦ᠂ ︽ᠵᠦᠢ ᠵᠣᠬᠢᠰᠲᠠᠢ ᠪᠠᠷ ᠬᠡᠷᠡᠭᠵᠢᠭᠦᠯᠬᠦ︾ ᠶᠢ ᠪᠠᠳᠤᠯᠠᠨ᠎ᠠ᠃     ᠪᠡᠯᠡ ᠮᠥᠩᠭᠦᠨ ᠤ ᠳᠡᠮᠵᠢᠯᠭᠡ ᠶᠢ ᠣᠯᠬᠤ ᠲᠠᠯ᠎ᠠ ᠪᠠᠷ᠂ 2024 ᠣᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠲᠥᠪ ᠤᠨ ᠪᠡᠯᠡ ᠮᠥᠩᠭᠦᠨ ᠤ ᠳᠡᠮᠵᠢᠯᠭᠡ ᠶᠢ ᠨᠡᠶᠢᠲᠡ 107.8 ᠳ᠋ᠦᠩᠰᠢᠭᠤᠷ ᠲᠥᠭᠦᠷᠢᠭ ᠤᠯᠵᠠᠢ᠃ ᠡᠭᠦᠨ ᠳᠤ᠂ ᠬᠤᠲᠠ ᠶᠢᠨ ᠭᠠᠵᠠᠷ ᠳᠣᠣᠷᠠᠬᠢ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠳᠤ ᠲᠥᠪ ᠤᠨ ᠨᠥᠬᠦᠪᠦᠷᠢ ᠪᠡᠯᠡ ᠮᠥᠩᠭᠦ ᠶᠢ 61.2 ᠳ᠋ᠦᠩᠰᠢᠭᠤᠷ ᠲᠥᠭᠦᠷᠢᠭ ᠣᠯᠵᠤ᠂ 2023 ᠣᠨ ᠤ ᠬᠢ ᠠᠴᠠ 424.4 % ᠪᠠᠷ ᠨᠡᠮᠡᠭᠳᠡᠪᠡ︔ ᠬᠤᠲᠠ ᠪᠠᠯᠭᠠᠰᠤᠨ ᠤ ᠬᠠᠭᠤᠴᠢᠨ ᠪᠠ ᠬᠠᠭᠤᠴᠢᠷᠠᠭᠰᠠᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠳᠤ 36.7 ᠳ᠋ᠦᠩᠰᠢᠭᠤᠷ ᠲᠥᠭᠦᠷᠢᠭ ᠤᠨ ᠲᠥᠪ ᠤᠨ ᠨᠥᠬᠦᠪᠦᠷᠢ ᠪᠡᠯᠡ ᠮᠥᠩᠭᠦ ᠣᠯᠵᠤ᠂ 2023 ᠣᠨ ᠤ ᠬᠢ ᠠᠴᠠ 78.4% ᠪᠠᠷ ᠨᠡᠮᠡᠭᠳᠡᠪᠡ᠃     ᠰᠤᠷᠭᠠᠨ ᠬᠥᠮᠦᠵᠢᠯ ᠪᠤᠯᠪᠠᠰᠤᠷᠠᠯ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠥᠬᠦ ᠤᠯᠤᠰ ᠤᠨ ᠬᠤᠲᠠ ᠶᠢᠨ ᠳᠠᠷᠤᠭ᠎ᠠ ᠶᠢᠨ ᠰᠤᠳᠤᠯᠤᠨ ᠰᠤᠷᠤᠯᠴᠠᠬᠤ ᠳᠡᠭᠡᠳᠦ ᠰᠤᠷᠭᠠᠭᠤᠯᠢ ᠯᠤᠭ᠎ᠠ 3 ᠵᠢᠯ ᠤᠨ ᠬᠤᠭᠤᠴᠠᠭ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠰᠤᠷᠭᠠᠨ ᠬᠥᠮᠦᠵᠢᠯ ᠪᠤᠯᠪᠠᠰᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠵᠡᠷᠭᠡ ᠣᠯᠠᠨ ᠲᠠᠯ᠎ᠠ ᠶᠢᠨ ᠪᠠᠭᠰᠢ ᠶᠢᠨ ᠡᠩᠨᠡᠭᠡ ᠬᠠᠮᠲᠤᠪᠠᠷ ᠡᠳ᠋ᠯᠡᠬᠦ  ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠦᠷᠨᠢᠭᠦᠯᠪᠡ᠃     ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠬᠤ ᠲᠠᠯ᠎ᠠ ᠪᠠᠷ᠂ ᠬᠥᠬᠡᠬᠤᠲᠠ ᠶᠢ ᠪᠥᠬᠦ ᠤᠯᠤᠰ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠡᠮᠵᠢᠯᠭᠡ ᠶᠢᠨ ᠬᠤᠲᠠ ᠶᠢᠨ ᠬᠡᠪᠴᠢᠶᠡᠨ ᠳᠤ ᠤᠷᠢᠳᠴᠢᠯᠠᠨ ᠵᠢᠭᠰᠠᠭᠠᠨ ᠣᠷᠣᠭᠤᠯᠵᠤ᠂ ᠷᠠᠰᠢᠶᠠᠨ ᠬᠤᠲᠠ᠂ ᠲᠠᠶᠢᠹᠤᠰᠧ ᠬᠤᠰᠢᠭᠤ᠂ ᠦᠦᠰᠢᠨ ᠬᠤᠰᠢᠭᠤ ᠶᠢ ᠪᠥᠬᠦ ᠤᠯᠤᠰ ᠤᠨ ᠰᠢᠶᠠᠨ ᠤ ᠱᠠᠲᠤᠨ ᠤ ᠭᠠᠵᠠᠷ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠵᠢᠵᠢᠭ ᠬᠡᠯᠪᠡᠷᠢ ᠶᠢᠨ ᠲᠤᠷᠰᠢᠯᠲᠠ ᠶᠢᠨ ᠬᠡᠪᠴᠢᠶᠡᠨ ᠳᠤ ᠭᠤᠣᠯᠳᠠᠯᠭ᠎ᠠ ᠲᠠᠢ ᠲᠠᠨᠢᠯᠴᠠᠭᠤᠯᠤᠨ ᠣᠷᠣᠭᠤᠯᠵᠤ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠶᠢ ᠤᠯᠤᠰ ᠤᠨ ᠳᠠᠬᠢᠯᠲᠠ ᠤᠰᠤ ᠶᠢ ᠠᠰᠢᠭᠯᠠᠬᠤ ᠭᠤᠣᠯᠳᠠᠯᠭ᠎ᠠ ᠲᠠᠢ ᠬᠤᠲᠠ ᠳᠤ ᠰᠣᠩᠭᠤᠨ ᠣᠷᠣᠭᠤᠯᠪᠠ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ