ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠥᠷᠪᠡᠳᠦᠭᠡᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/11/8
    ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠠᠯᠠᠭᠤ ᠺᠠᠳ᠋ᠷᠴᠤᠳ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠤᠨ ᠤᠯᠤᠰ ᠲᠥᠷᠥ ᠣᠨᠣᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠳᠠᠪᠤᠷᠢᠲᠠᠨ ᠤ ᠬᠥᠭᠵᠢᠯᠲᠡ ᠶᠢᠨ ᠲᠤᠰᠬᠠᠢ ᠲᠥᠯᠦᠪᠵᠢᠭᠦᠯᠭᠡ︾ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ 11 ᠳ᠋ᠤᠭᠡᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠳᠥᠷᠪᠡᠳᠦᠭᠡᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠢᠩᠬᠢᠮ ᠤᠨ ᠰᠢᠰᠲ᠋ᠧᠮ ᠤᠨ ᠣᠶᠢᠷ᠎ᠠ ᠶᠢᠨ ᠬᠤᠶᠠᠷ ᠵᠢᠯ ᠳᠤ ᠲᠤᠰᠢᠶᠠᠯ ᠡᠭᠦᠷᠭᠡᠯᠡᠭᠰᠡᠨ 60 ᠭᠠᠷᠤᠢ ᠵᠠᠯᠠᠭᠤ ᠺᠠᠳ᠋ᠷᠴᠤᠳ ᠪᠣᠯᠪᠠᠰᠤᠷᠠᠯ ᠳᠤ ᠤᠷᠤᠯᠴᠠᠵᠠᠢ᠃
W020241107332136540443.png
    ᠵᠠᠩ ᠾᠧ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠵᠠᠯᠠᠭᠤ ᠺᠠᠳ᠋ᠷᠴᠤᠳ ᠢ ᠬᠥᠮᠥᠵᠢᠭᠦᠯᠬᠦ ᠪᠠ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠪᠡᠨ ᠵᠢᠯ ᠳᠠᠷᠠᠭᠠᠯᠠᠨ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠭᠰᠡᠡ ᠤ ᠵᠣᠷᠢᠯᠭ᠎ᠠ ᠪᠤᠯ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠢ ᠠᠯᠢ ᠲᠦᠷᠭᠡᠨ ᠢᠶᠠᠷ ᠠᠵᠢᠯ ᠳᠠᠭᠠᠨ ᠳᠠᠳᠴᠤ᠂ ᠪᠠᠶᠢᠷᠢ ᠰᠠᠭᠤᠷᠢ ᠢᠶᠠᠨ ᠤᠯᠵᠦ᠂ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠠᠭᠤᠰᠤᠯᠴᠠᠬᠤ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃ ᠵᠠᠩ ᠾᠧ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠬᠡᠷᠬᠢᠨ ᠰᠤᠷᠤᠯᠴᠠᠨ ᠲᠤᠭᠤᠰᠢᠯᠠᠭᠤᠯᠬᠤ ᠠᠴᠠ ᠭᠠᠷᠳᠠᠵᠤ᠂ ᠣᠳᠣᠬᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠡᠭᠦᠷᠭᠡ ᠪᠠ ᠭᠤᠣᠯᠳᠠᠯᠭ᠎ᠠ ᠲᠠᠢ ᠠᠵᠢᠯ ᠢ ᠲᠠᠨᠢᠯᠴᠠᠭᠤᠯᠪᠠ᠃ ᠡᠭᠦᠨ ᠤ ᠬᠠᠮᠲᠤ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠲᠦᠷᠪᠡᠨ ᠲᠠᠯ᠎ᠠ ᠶᠢᠨ ᠬᠦᠰᠡᠯ ᠡᠷᠡᠮᠡᠯᠵᠡᠯ ᠳᠤᠷᠠᠳᠴᠠᠢ᠄ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠯᠠᠪᠳᠠᠭᠤᠨ ᠪᠠᠲᠤᠲᠠᠢ ᠲᠡᠮᠡᠴᠡᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠥᠮᠥᠨ ᠪᠤᠯᠬᠤ ᠬᠡᠷᠡᠭᠳᠡᠢ︔ ᠬᠤᠶᠠᠷ ᠲᠤ᠂ ᠴᠥᠬᠦᠷᠡᠰᠢ ᠦᠭᠡᠢ ᠰᠤᠷᠤᠯᠴᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠥᠮᠥᠨ ᠪᠤᠯᠬᠤ ᠬᠡᠷᠡᠭᠳᠡᠢ︔ ᠭᠤᠷᠪᠠ ᠳᠤ᠂ ᠬᠡᠬᠦᠳᠡᠭ ᠳᠦᠭᠦᠷᠡᠩ ᠠᠵᠢᠯ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠥᠮᠥᠨ ᠪᠤᠯᠬᠤ ᠬᠡᠷᠡᠭᠳᠡᠢ︔ ᠳᠥᠷᠪᠡ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ‌ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠥᠮᠥᠨ ᠪᠤᠯᠬᠤ ᠬᠡᠷᠡᠭᠳᠡᠢ᠃
W020241107332136606824.png
    ᠪᠤᠯᠪᠠᠰᠤᠷᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠬᠢᠵᠢᠭᠦᠯᠬᠦ ᠶᠢ ᠪᠠᠷᠢᠮᠲᠠᠯᠠᠬᠤ ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠵᠠᠯᠠᠭᠤ ᠺᠠᠳ᠋ᠷᠴᠤᠳ ᠤᠨ ᠰᠢᠯᠭᠠᠷᠠᠭᠰᠠᠨ ᠬᠡᠪ ᠴᠢᠨᠠᠷ ᠪᠣᠯᠣᠨ ᠠᠵᠢᠯ ᠲᠦᠷᠦᠯ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ᠂ ᠠᠯᠪᠠᠨ ᠪᠢᠴᠢᠭ ᠤᠨ ᠵᠣᠬᠢᠶᠠᠨ ᠪᠢᠴᠢᠯᠭᠡ᠂ ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ ᠵᠡᠷᠭᠡ ᠬᠢᠴᠢᠶᠡᠯ ᠢ ᠲᠣᠬᠢᠷᠠᠭᠤᠯᠪᠠ᠃ ᠰᠤᠷᠤᠯᠭ᠎ᠠ ᠶᠢᠨ ᠠᠭᠤᠯᠭ᠎ᠠ ᠪᠠᠨ ᠦᠢᠯᠡᠳᠦᠯᠭᠡ ᠶᠢᠨ ᠬᠥᠳᠡᠯᠭᠡᠬᠦ ᠬᠦᠴᠦᠨ ᠪᠠ ᠠᠵᠢᠯ ᠤᠨ ᠠᠮᠵᠢᠯᠲᠠ ᠪᠣᠯᠭᠠᠨ ᠬᠤᠪᠢᠷᠠᠭᠤᠯᠵᠤ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠭᠠᠪᠢᠶ᠎ᠠ ᠵᠢᠳᠬᠦᠯ ᠭᠠᠷᠭᠠᠬᠤ ᠪᠠᠷ ᠴᠢᠷᠮᠠᠶᠢᠨ᠎ᠠ ᠭᠡᠵᠦ ᠪᠤᠯᠪᠠᠰᠤᠷᠠᠯ ᠳᠤ ᠤᠷᠤᠯᠴᠠᠭᠰᠠᠨ ᠵᠠᠯᠠᠭᠤ ᠺᠠᠳᠠᠷᠴᠤᠳ ᠢᠯᠡᠳᠬᠡᠵᠡᠭᠡᠪᠡ᠃
W020241107332136686739.png
 
ᠢᠷᠡᠯᠲᠡ᠄ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ