ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 2024 ᠣᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/12/5
    12 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠤᠨ ᠨᠠᠶᠢᠳᠠᠯᠭ᠎ᠠ ᠪᠠᠷ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠨᠥᠬᠦᠷ ᠲᠠᠩᠭᠠᠷᠢᠭᠯᠠᠬᠤ ᠶᠢ ᠬᠢᠨᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠢ ᠵᠢᠶᠦ᠋ᠨ ᠶᠣᠰᠣᠯᠠᠯ ᠢ ᠡᠷᠬᠢᠯᠡᠵᠦ᠂ ᠲᠢᠩᠬᠢᠮ ᠤᠨ ᠰᠢᠰᠲ᠋ᠧᠮ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ᠂ ᠵᠡᠷᠭᠡ ᠳᠡᠪᠰᠢᠭᠰᠡᠨ ᠪᠠ ᠡᠯᠰᠡᠨ ᠬᠡᠷᠡᠭᠯᠡᠭᠰᠡᠨ ᠺᠠᠳ᠋ᠷ ᠲᠠᠩᠭᠠᠷᠢᠭᠯᠠᠬᠤ ᠶᠤᠰᠤᠯᠠᠯ ᠳᠤ ᠣᠷᠣᠯᠴᠠᠪᠠ᠃ ᠲᠢᠩᠬᠢᠮ ᠪᠠᠶᠢᠭᠤᠯᠭ᠎ᠠ ᠶᠢᠨ ᠪᠦᠬᠦ ᠠᠵᠢᠯᠲᠠᠨ ᠪᠣᠯᠣᠨ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠥᠬᠦᠳ ᠭᠡᠷᠡᠴᠢᠯᠡᠵᠡᠢ᠃
W020241205332022255789.png
    ᠦᠳᠡ ᠶᠢᠨ ᠡᠮᠦᠨᠡᠬᠢ 10 ᠴᠠᠭ ᠲᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢᠨ ᠲᠠᠭᠠᠤ ᠲᠠᠩᠭᠠᠷᠢᠭᠯᠠᠬᠤ ᠶᠣᠰᠣᠯᠠᠯ ᠡᠬᠢᠯᠡᠵᠦ᠂ ᠲᠢᠩᠬᠢᠮ ᠤᠨ ᠶᠡᠷᠦᠩᠬᠡᠢ ᠢᠨᠵᠧᠨᠧᠷ ᠭᠦᠸᠧ ᠬᠤᠢ ᠤᠯᠠᠨ ᠢ ᠳᠠᠭᠠᠭᠤᠯᠤᠨ᠂ ᠤᠯᠤᠰ ᠤᠨ ᠲᠤᠭ ᠡᠮᠦᠨ᠎ᠡ᠂ ᠪᠠᠷᠠᠭᠤᠨ ᠨᠢᠳᠤᠷᠭ᠎ᠠ ᠪᠠᠨ ᠡᠷᠭᠦᠵᠦ᠂ ᠲᠥᠪ ᠴᠢᠩᠭ᠎ᠠ ᠪᠠᠷ ᠲᠠᠩᠭᠠᠷᠢᠭᠯᠠᠪᠠ᠃ ᠡᠷᠡᠰ ᠪᠠᠲᠤ ᠲᠠᠩᠭᠠᠷᠢᠭ ᠨᠢ ᠪᠦᠬᠦ ᠺᠠᠳ᠋ᠷᠴᠤᠳ ᠤᠨ ᠦᠨᠳᠦᠰᠦᠨ ᠬᠠᠤᠯᠢ ᠶᠢᠨ ᠵᠠᠷᠴᠢᠮ ᠢ ᠬᠢᠴᠢᠶᠡᠩᠭᠦᠶᠢᠯᠡᠨ ᠰᠠᠬᠢᠬᠤ᠂ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠦᠨᠳᠦᠰᠦᠨ ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠬᠤ ᠡᠷᠡᠰ ᠪᠠᠲᠤ ᠵᠣᠷᠢᠭ ᠢ ᠭᠦᠢᠴᠡᠳ ᠢᠯᠡᠳᠬᠡᠵᠡᠢ᠃
W020241205332022332756.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠥᠬᠦ ᠺᠠᠳ᠋ᠷ ᠠᠵᠢᠯᠲᠠᠨ ᠲᠣᠰ ᠤᠳᠠᠭᠠᠨ ᠤ ᠲᠠᠩᠭᠠᠷᠢᠭᠯᠠᠯ ᠢᠶᠠᠷ ᠠᠵᠠ ᠲᠣᠬᠢᠶᠠᠯ ᠪᠣᠯᠭᠠᠵᠤ᠂ ᠬᠠᠤᠯᠢ ᠪᠠᠷ ᠵᠠᠰᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠦᠶᠯᠡ ᠠᠵᠢᠯᠯᠠᠭ᠎ᠠ ᠳᠠᠭᠠᠨ ᠰᠢᠩᠭᠡᠭᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠢᠮᠠᠭᠲᠠ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠪᠠᠷ ᠠᠯᠢᠪᠠ ᠠᠵᠢᠯ ᠤᠨ ᠢᠶᠠᠨ ᠡᠭᠦᠰᠬᠡᠯ ᠪᠠ ᠲᠤᠰᠤᠯᠲᠠ ᠪᠣᠯᠭᠠᠬᠤ ᠶᠢ ᠢᠮᠠᠭᠲᠠ ᠪᠠᠷᠢᠮᠳᠠᠯᠠᠵᠤ᠂ ᠣᠷᠣᠨ ᠰᠠᠭᠤᠴᠠ ᠶᠢᠨ ᠪᠠᠲᠤᠯᠠᠭ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠬᠦᠭᠵᠢᠭᠦᠯᠬᠦ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠠᠷᠠᠳ ᠣᠯᠠᠨ ᠤ ᠪᠠᠴᠢᠮᠳᠠᠵᠦ ᠬᠦᠴᠢᠡᠳᠡᠵᠦ ᠵᠤᠪᠠᠵᠦ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠨ᠎ᠡ᠃
W020241205332022403609.png
 
ᠢᠷᠡᠯᠲᠡ᠄ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ