ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ | ᠶᠠᠪᠤᠴᠠ ᠶᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠥᠪᠥᠷ ᠪᠠᠶᠢᠭᠤᠯᠬᠤ ᠪᠠᠷᠢᠮᠵᠢᠶ᠎ᠠ ﹇2024﹈ 16 ᠳ᠋ᠤᠭᠠᠷ ᠲᠣᠭᠠᠲᠤ᠂ | ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ ᠤᠨ ᠣᠯᠠᠨ ᠨᠡᠶᠢᠲᠡ ᠶᠢᠨ ︽ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ | ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠤᠤᠷᠠᠬᠢ ᠮᠡᠲᠦ ᠲᠠᠶᠢᠯᠤᠮᠵᠢ ᠬᠢᠶ᠎ᠠ᠃ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠪᠠᠷᠢᠯᠭ᠎ᠠ ᠶᠢᠨ ᠶᠠᠪᠤᠴᠠ ᠳᠤ ᠳ᠋ᠦᠩᠨᠡᠨ ᠪᠤᠳᠤᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ | ᠶᠠᠪᠤᠴᠠ ᠳᠤ ᠳ᠋ᠦᠩᠨᠡᠨ ᠪᠤᠳᠤᠬᠤ ᠦᠨ᠎ᠡ ᠶᠢᠨ ᠵᠣᠭᠤᠰ ᠢ ᠳ᠋ᠦᠩᠨᠡᠨ ᠪᠤᠳᠤᠬᠤ ᠪᠠ ᠥᠭᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠮᠠᠨ ᠤ ᠣᠷᠣᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠨ᠎ᠡ ᠶᠢᠨ ᠵᠣᠭᠤᠰ ᠢ ᠳ᠋ᠦᠩᠨᠡᠨ ᠪᠤᠳᠤᠬᠤ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠪᠠᠷᠢᠯᠭ᠎ᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤ ᠬᠦᠴᠦᠨ ᠨᠡᠮᠡᠷᠢᠯᠡᠬᠦ ᠶᠢᠨ | ᠲᠤᠰᠠᠳᠠ᠂ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠪᠠᠯᠠ ᠮᠥᠩᠭᠦ ᠶᠢᠨ ᠪᠠᠯᠠ ᠣᠷᠣᠭᠤᠯᠤᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠶᠠᠪᠤᠴᠠ ᠶᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢ ᠵᠣᠬᠢᠶᠠᠨ ᠪᠠᠶᠢᠭᠤᠯᠤᠨ ᠲᠤᠭᠤᠷᠪᠢᠪᠠ᠃ | ᠪᠠᠷᠢᠯᠭ᠎ᠠ ᠪᠠᠷᠢᠬᠤ ᠶᠠᠪᠤᠴᠠ ᠳᠤ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠡᠳᠦᠶ ᠲᠡᠳᠦᠶ | ᠵᠠᠩᠭᠢᠯᠠᠭ᠎ᠠ ᠶᠢᠨ ᠴᠡᠭ ᠬᠤᠪᠢᠶᠠᠵᠤ ᠰᠢᠯᠭᠠᠨ ᠠᠪᠬᠤ᠂ ᠳ᠋ᠦᠩᠨᠡᠨ ᠪᠤᠳᠤᠬᠤ ᠪᠠ ᠲᠣᠭᠠᠴᠠᠭ᠎ᠠ ᠬᠢᠵᠦ᠂ ᠦᠨ᠎ᠡ ᠶᠢᠨ ᠵᠣᠭᠤᠰ ᠢ ᠳ᠋ᠦᠩᠨᠡᠨ ᠪᠤᠳᠤᠬᠤ ᠬᠡᠯᠪᠡᠷᠢ ᠶᠢ ᠨᠠᠩ | ᠲᠦᠷᠭᠡᠨ ᠪᠣᠯᠭᠠᠬᠤ ᠨᠢ ᠤᠯᠤᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠬᠤ | ᠪᠥᠭᠡᠳ ᠪᠠᠰᠠ ᠴᠤ ᠢᠨᠵᠧᠨᠧᠷᠢᠩ ᠤᠨ ᠦᠨ᠎ᠡ ᠶᠢᠨ ᠥᠭᠡᠷᠡᠴᠢᠯᠡᠯᠲᠡ ᠶᠢᠨ ᠴᠢᠬᠤᠯᠠ ᠡᠭᠦᠷᠭᠡ ᠪᠣᠯᠤᠨ᠎ᠠ᠃ ᠪᠥᠬᠦ ᠤᠯᠤᠰ ᠤᠨ ᠬᠡᠪᠴᠢᠶᠡᠨ ᠠᠴᠠ ᠦᠵᠡᠪᠡᠯ᠂ | ᠨᠢᠭᠡᠨᠲᠡ ᠵᠧᠵᠢᠶᠠᠩ᠂ ᠭᠦᠢᠵᠸᠤ᠂ ᠱᠠᠨ ᠰᠢ ᠵᠡᠷᠭᠡ 10 ᠭᠠᠷᠤᠶ ᠮᠤᠵᠢ ᠬᠤᠲᠠ ᠪᠠᠷᠢᠯᠭ᠎ᠠ ᠪᠠᠷᠢᠬᠤ ᠶᠠᠪᠤᠴᠠ ᠶᠢ ᠲᠡᠰᠦᠯᠦᠨ ᠪᠤᠳᠤᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠨᠡᠶᠢᠲᠡᠯᠡᠪᠡ᠃ ᠢᠨᠵᠧᠨᠧᠷᠢᠩ ᠤᠨ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠲᠤᠷᠰᠢᠯᠭ᠎ᠠ ᠠᠴᠠ ᠦᠵᠡᠪᠡᠯ | ᠂ ᠪᠠᠷᠢᠯᠭ᠎ᠠ ᠪᠠᠷᠢᠬᠤ ᠶᠠᠪᠤᠴᠠ ᠶᠢᠨ ᠳ᠋ᠦᠩᠨᠡᠨ ᠪᠣᠳᠣᠬᠤ ᠶᠢ ᠳ᠋ᠦᠩᠨᠡᠨ ᠪᠣᠳᠣᠬᠤ ᠦᠶᠡᠯᠡᠯ ᠤᠨ ᠬᠤᠭᠤᠴᠠᠭ᠎ᠠ ᠶᠢ ᠢᠯᠡᠷᠬᠡᠶ ᠪᠣᠭᠤᠨᠢᠰᠬᠠᠵᠤ᠂ ᠮᠠᠷᠭᠤᠭᠠᠨ ᠲᠠᠢ | ᠠᠰᠠᠭᠤᠳᠠᠯ ᠢ ᠪᠠᠷᠢᠯᠭ᠎ᠠ ᠪᠠᠷᠢᠬᠤ ᠶᠠᠪᠤᠴᠠ ᠳᠤ ᠤᠷᠢᠳᠴᠢᠯᠠᠨ ᠰᠢᠢᠳᠪᠦᠷᠢᠯᠡᠬᠦ ᠨᠢ ᠪᠦᠲᠦᠭᠡᠨ ᠪᠠᠶᠢᠭᠤᠯᠬᠤ ᠨᠢᠭᠡᠴᠢ ᠶᠢᠨ ᠦᠨᠡᠨ ᠪᠣᠳᠠᠲᠠᠶ ᠥᠪᠡᠷ ᠤᠨ ᠥᠷᠲᠡᠭ ᠢ | ᠤᠷᠢᠳᠴᠢᠯᠠᠨ ᠡᠵᠡᠮᠰᠢᠬᠦ ᠪᠠ ᠡᠵᠡᠮᠳᠡᠬᠦ ᠳᠤ ᠠᠰᠢᠭᠲᠠᠶ ᠮᠥᠷᠲᠡᠭᠡᠨ ᠪᠠᠷᠢᠯᠭ᠎ᠠ ᠪᠠᠷᠢᠬᠤ ᠨᠢᠭᠡᠴᠢ ᠶᠢᠨ ᠠᠬᠢᠴᠠ ᠶᠢᠨ ᠵᠣᠭᠤᠰ ᠢ ᠡᠭᠡᠭᠦᠯᠦᠨ ᠠᠪᠴᠢᠷᠠᠬᠤ ᠵᠢᠴᠢ ᠪᠡᠯᠡ | ᠮᠥᠩᠭᠦ ᠬᠡᠷᠡᠭᠯᠡᠬᠦ ᠳᠤ ᠠᠰᠢᠭᠲᠠᠶ ᠪᠠᠶᠢᠵᠤ᠂ ᠢᠨᠵᠧᠨᠧᠷᠢᠩ ᠤᠨ ᠦᠨ᠎ᠡ ᠶᠢᠨ ᠪᠦᠬᠦ ᠶᠠᠪᠤᠴᠠ ᠶᠢ ᠡᠵᠡᠮᠳᠡᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠢᠨᠵᠧᠨᠧᠷᠢᠩ ᠤᠨ ᠦᠨ᠎ᠡ ᠶᠢᠨ ᠥᠭᠡᠷᠡᠴᠢᠯᠡᠯᠲᠡ ᠶᠢᠨ ᠠᠵᠢᠯ ᠤᠨ | ᠲᠥᠰᠦᠯ︾ ︵ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ﹇2020﹈ 38 ᠳ᠋ᠤᠭᠠᠷ ᠲᠣᠭᠠᠲᠤ︶ | ᠡᠳ᠋ ᠤᠨ ᠵᠠᠰᠠᠭ ᠤᠨ ᠶᠠᠮᠤᠨ ᠤ ︽ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠦᠨ᠎ᠡ ᠶᠢᠨ ᠥᠭᠡᠷᠡᠴᠢᠯᠡᠯᠲᠡ ᠢ ᠳ᠋ᠦᠩᠨᠡᠨ ᠪᠤᠳᠤᠬᠤ ᠬᠤᠯᠪᠣᠭᠳᠠᠯ | ᠪᠥᠬᠦᠶ ᠠᠷᠭ᠎ᠠ ᠶᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠡᠳ᠋ ᠪᠠᠶᠢᠭᠤᠯᠤᠯᠲᠠ ﹇2022﹈ 183 ᠳ᠋ᠤᠭᠠᠷ ᠲᠣᠭᠠᠲᠤ︶ | ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2022﹈ 58 ᠳ᠋ᠤᠭᠠᠷ ᠲᠣᠭᠠᠲᠤ︶ | ᠭᠤᠷᠪᠠ᠂ ᠬᠡᠷᠡᠭᠯᠡᠬᠦ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠥᠮᠴᠢᠯᠡᠯᠲᠦ ᠪᠡᠯᠡ ᠮᠥᠩᠭᠦ ᠶᠢᠨ ᠪᠡᠯᠡ ᠣᠷᠣᠭᠤᠯᠤᠯᠲᠠ ︵ | ᠵᠠᠰᠠᠭ ᠤᠨ ᠣᠷᠳᠣᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠭᠲᠠᠨ᠎ᠠ︶ ᠶᠢᠨ | ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠪᠠᠷᠢᠯᠭ᠎ᠠ ᠪᠠᠷᠢᠬᠤ ᠭᠡᠷ᠎ᠡ ᠶᠢᠨ ᠪᠠᠷᠢᠯᠭ᠎ᠠ ᠶᠢᠨ ᠬᠤᠭᠤᠴᠠᠭ᠎ᠠ ᠨᠢ ᠨᠢᠭᠡ ᠵᠢᠯ ︵ᠨᠢᠭᠡ ᠵᠢᠯ ᠪᠠᠭᠲᠠᠨ᠎ᠠ︶ ᠪᠠᠶᠢᠬᠤ ᠬᠡᠷᠡᠭᠲᠡᠶ ᠪᠥᠭᠡᠳ ᠭᠡᠷ᠎ᠡ ᠶᠢᠨ ᠦᠨ᠎ᠡ ᠶᠢᠨ | ᠵᠣᠭᠤᠰ ᠨᠢ 1000 ᠲᠦᠮᠡᠨ ᠲᠥᠭᠦᠷᠢᠭ ᠠᠴᠠ ᠳᠡᠭᠡᠭᠰᠢ ︵1000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ ᠪᠠᠷᠢᠯᠭ᠎ᠠ ᠪᠠᠷᠢᠭᠰᠠᠨ ᠶᠠᠪᠤᠴᠠ ᠶᠢᠨ ᠳ᠋ᠦᠩᠨᠡᠨ | ᠪᠣᠳᠣᠬᠤ ᠶᠢ ᠬᠡᠷᠡᠭᠵᠢᠭᠦᠯᠬᠦ ᠬᠡᠷᠡᠭᠲᠡᠶ᠃ | ᠳᠥᠷᠪᠡ᠂ ᠭᠤᠣᠯ ᠠᠭᠤᠯᠭ᠎ᠠ | ︽ᠠᠷᠭ᠎ᠠ︾ ᠨᠢ ᠨᠡᠶᠢᠲᠡ ᠲᠠᠪᠤᠨ ᠪᠦᠯᠦᠭ 18 ᠵᠦᠢᠯ ᠢᠶᠠᠷ ᠪᠦᠷᠢᠯᠳᠦᠵᠦ᠂ ᠪᠠᠷᠢᠯᠭ᠎ᠠ ᠪᠠᠷᠢᠬᠤ ᠶᠠᠪᠤᠴᠠ ᠶᠢᠨ ᠵᠠᠩᠭᠢᠶᠠᠰᠤ ᠶᠢ ᠬᠤᠪᠢᠶᠠᠷᠢᠯᠠᠬᠤ ᠵᠠᠷᠴᠢᠮ᠂ | ᠪᠤᠳᠤᠬᠤ ᠠᠷᠭ᠎ᠠ᠂ ᠪᠠᠷᠢᠯᠭ᠎ᠠ ᠪᠠᠷᠢᠬᠤ ᠶᠠᠪᠤᠴᠠ ᠶᠢᠨ ᠳ᠋ᠦᠩᠨᠡᠨ ᠪᠤᠳᠤᠬᠤ ᠦᠶᠡᠯᠡᠯ᠂ ᠬᠢᠨᠠᠨ ᠬᠠᠷᠭᠤᠭᠤᠯᠬᠤ ᠲᠠᠰ ᠳᠠᠷᠠᠭᠠᠯᠠᠯ ᠤᠨ ᠱᠠᠭᠠᠷᠳᠠᠯᠭ᠎ᠠ᠂ ᠳ᠋ᠦᠩᠨᠡᠨ | ᠪᠤᠳᠤᠵᠤ ᠥᠭᠬᠦ ᠱᠠᠭᠠᠷᠳᠠᠯᠭ᠎ᠠ ᠵᠢᠴᠢ ᠪᠠᠷᠢᠯᠭ᠎ᠠ ᠪᠠᠷᠢᠬᠤ ᠶᠠᠪᠤᠴᠠ ᠶᠢᠨ ᠳ᠋ᠦᠩᠨᠡᠨ ᠪᠤᠳᠤᠵᠤ ᠥᠭᠬᠦ ᠶᠠᠪᠤᠴᠠ ᠳᠠᠬᠢ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠪᠠᠷᠢᠯᠭ᠎ᠠ ᠪᠠᠷᠢᠬᠤ ᠶᠠᠪᠤᠴᠠ ᠳᠤ ᠡᠭᠦᠷᠭᠡᠯᠡᠬᠦ ᠬᠠᠷᠢᠭᠤᠴᠠᠯᠭ᠎ᠠ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃ | ᠲᠠᠪᠤ᠂ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ | ︵ᠨᠢᠭᠡ︶ ᠪᠠᠷᠢᠯᠭ᠎ᠠ ᠪᠠᠷᠢᠬᠤ ᠶᠠᠪᠤᠴᠠ ᠶᠢᠨ ᠳ᠋ᠦᠩᠨᠡᠨ ᠪᠣᠳᠣᠬᠤ ᠨᠢ ᠶᠠᠭᠤ ᠪᠣᠢ︖ | ᠲᠣᠰ ᠠᠷᠭ᠎ᠠ ᠳᠤ ᠬᠡᠯᠡᠵᠦ ᠪᠠᠶᠢᠭ᠎ᠠ ᠪᠠᠷᠢᠯᠭ᠎ᠠ ᠪᠠᠷᠢᠬᠤ ᠶᠠᠪᠤᠴᠠ ᠳᠤ ᠳ᠋ᠦᠩᠨᠡᠨ ᠪᠤᠳᠤᠬᠤ ᠭᠡᠳᠡᠭ ᠨᠢ ᠳᠠᠭᠠᠭᠠᠴᠢᠯᠠᠭᠤᠯᠤᠭᠰᠠᠨ ᠬᠤᠶᠠᠷ ᠲᠠᠯ᠎ᠠ ᠪᠠᠷ ᠢᠶᠠᠨ ᠭᠡᠷ᠎ᠡ ᠳᠤ | ᠪᠣᠯᠵᠣᠨ ᠲᠣᠭᠲᠠᠬᠤ ᠪᠠᠷ ᠳᠠᠮᠵᠢᠭᠤᠯᠤᠨ᠂ ᠪᠠᠷᠢᠯᠭ᠎ᠠ ᠪᠠᠷᠢᠬᠤ ᠶᠠᠪᠤᠴᠠ ᠶᠢ ᠪᠠᠷᠢᠯᠭ᠎ᠠ ᠪᠠᠷᠢᠬᠤ ᠦᠶᠡᠯᠡᠯ ᠤᠨ ᠬᠤᠭᠤᠴᠠᠭ᠎ᠠ ᠶᠢ ᠴᠠᠭ ᠪᠤᠶᠤ ᠠᠬᠢᠴᠠ ᠶᠢᠨ | ᠵᠠᠩᠭᠢᠶᠠᠰᠤ ᠪᠠᠷ ᠬᠤᠪᠢᠶᠠᠷᠢᠯᠠᠨ᠂ ᠦᠶᠡᠯᠡᠯ ᠤᠨ ᠬᠤᠭᠤᠴᠠᠭᠠᠨ ᠳᠤ ᠨᠢᠭᠡᠨᠲᠡ ᠪᠡᠶᠡᠯᠡᠭᠦᠯᠦᠭᠰᠡᠨ ᠪᠥᠭᠡᠳ ᠮᠠᠷᠭᠤᠯᠳᠤᠭᠠᠨ ᠥᠬᠡᠶ ᠶᠠᠰᠤ ᠴᠢᠨᠠᠷ ᠤᠨ ᠬᠢᠷᠢ | ᠲᠡᠩᠴᠡᠭᠰᠡᠨ ᠢᠨᠵᠧᠨᠧᠷᠢᠩ ᠤᠨ ᠦᠨ᠎ᠡ ᠶᠢᠨ ᠵᠣᠭᠤᠰ ᠢ ᠪᠤᠳᠤᠬᠤ᠂ ᠨᠤᠲᠠᠯᠠᠬᠤ᠂ ᠣᠯᠭᠤᠬᠤ ᠵᠡᠷᠭᠡ ᠠᠵᠢᠯᠯᠠᠭ᠎ᠠ ᠬᠢᠬᠦ ᠶᠢ ᠵᠢᠭᠠᠵᠤ ᠪᠣᠶ᠃ | ︵ᠬᠤᠶᠠᠷ︶ ᠪᠠᠷᠢᠯᠭ᠎ᠠ ᠪᠠᠷᠢᠬᠤ ᠶᠠᠪᠤᠴᠠ ᠶᠢᠨ ᠳ᠋ᠦᠩᠨᠡᠨ ᠪᠤᠳᠤᠬᠤ ᠦᠶᠡᠯᠡᠯ ᠢ ᠬᠡᠷᠬᠢᠨ ᠬᠤᠪᠢᠶᠠᠷᠢᠯᠠᠬᠤ ᠪᠣᠶ︖ | ᠳᠠᠭᠠᠭᠠᠴᠢᠯᠠᠭᠤᠯᠤᠭᠰᠠᠨ ᠬᠤᠶᠠᠷ ᠲᠠᠯ᠎ᠠ ᠪᠠᠷ ᠢᠶᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠨᠴᠠᠯᠢᠭ ᠢ ᠦᠨᠳᠦᠰᠦᠯᠡᠨ᠂ | ᠢᠨᠵᠧᠨᠧᠷᠢᠩ ᠤᠨ ᠵᠢᠱᠢᠭᠰᠡᠨ ᠶᠠᠰᠤ ᠴᠢᠨᠠᠷ ᠤᠨ ᠬᠠᠷᠠᠯᠲᠠ᠂ ᠠᠶᠤᠯ ᠦᠭᠡᠶ ᠶᠢᠨ ᠬᠠᠷᠠᠯᠲᠠ᠂ ᠠᠬᠢᠴᠠ ᠶᠢᠨ ᠬᠠᠷᠠᠯᠲᠠ᠂ ᠪᠠᠶᠢᠭᠤᠯᠤᠭᠰᠠᠨ ᠦᠨ᠎ᠡ ᠶᠢᠨ | ᠬᠠᠷᠠᠯᠲᠠ ᠪᠠᠷ ᠭᠤᠣᠯ ᠵᠣᠷᠢᠯᠭ᠎ᠠ ᠪᠣᠯᠭᠠᠵᠤ᠂ ᠵᠠᠩᠭᠢᠯᠠᠭ᠎ᠠ ᠴᠡᠭ ᠢ ᠬᠤᠪᠢᠶᠠᠷᠢᠯᠠᠬᠤ ᠳᠤ ᠠᠰᠢᠭᠲᠠᠶ ᠪᠠᠶᠢᠯᠭᠠᠬᠤ ᠵᠠᠷᠴᠢᠮ ᠤᠨ ᠶᠣᠰᠣᠭᠠᠷ᠂ ᠪᠠᠷᠢᠯᠭ᠎ᠠ ᠪᠠᠷᠢᠬᠤ | ᠬᠤᠭᠤᠴᠠᠭ᠎ᠠ᠂ ᠢᠨᠵᠧᠨᠧᠷᠢᠩ ᠤᠨ ᠭᠤᠣᠯ ᠪᠦᠲᠦᠴᠡ᠂ ᠣᠷᠣᠨ ᠪᠠᠶᠢᠷᠢ᠂ ᠬᠡᠰᠡᠭ ︵ᠲᠥᠷᠥᠯ︶ ᠪᠠᠷᠢᠯᠭ᠎ᠠ ᠵᠡᠷᠭᠡ ᠬᠦᠴᠦᠨ ᠵᠦᠢᠯ ᠢᠶᠠᠷ ᠴᠠᠭ ᠬᠤᠭᠤᠴᠠᠭ᠎ᠠ ᠶᠢᠨ | ᠵᠠᠩᠭᠢᠯᠠᠭ᠎ᠠ ᠴᠡᠭ ᠪᠤᠶᠤ ᠳᠦᠷᠢ ᠲᠥᠷᠬᠦ ᠶᠢᠨ ᠠᠬᠢᠴᠠ ᠶᠢᠨ ᠵᠠᠩᠭᠢᠯᠠᠭ᠎ᠠ ᠴᠡᠭ ᠲᠤ ᠪᠠᠷᠢᠯᠭ᠎ᠠ ᠪᠠᠷᠢᠬᠤ ᠶᠠᠪᠤᠴᠠ ᠶᠢᠨ ᠳ᠋ᠦᠩᠨᠡᠨ ᠪᠣᠳᠣᠬᠤ ᠦᠶᠡᠯᠡᠯ ᠢ ᠪᠣᠯᠵᠣᠨ | ᠲᠣᠭᠲᠠᠬᠤ ᠬᠡᠷᠡᠭᠲᠡᠶ᠃ | ︵ᠭᠤᠷᠪᠠ︶ ᠪᠠᠷᠢᠯᠭ᠎ᠠ ᠪᠠᠷᠢᠬᠤ ᠶᠠᠪᠤᠴᠠ ᠳᠤ ᠳ᠋ᠦᠩᠨᠡᠨ ᠪᠤᠳᠤᠭᠰᠠᠨ ᠵᠣᠭᠤᠰ ᠢ ᠥᠭᠬᠦ ᠬᠠᠷᠢᠴᠠᠯ ᠢ ᠬᠡᠷᠬᠢᠨ ᠲᠣᠭᠲᠠᠭᠠᠬᠤ ᠪᠣᠶ︖ | ᠡᠳ᠋ ᠤᠨ ᠵᠠᠰᠠᠭ ᠤᠨ ᠶᠠᠮᠤᠨ ᠤ ︽ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠦᠨ᠎ᠡ ᠶᠢ ᠳ᠋ᠦᠩᠨᠡᠨ ᠪᠣᠳᠣᠬᠤ ᠬᠤᠯᠪᠣᠭᠳᠠᠯ ᠪᠦᠬᠦᠢ ᠠᠷᠭ᠎ᠠ ᠶᠢ | ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠠᠷᠭ᠎ᠠ ᠳᠤ ᠮᠠᠨ ᠤ ᠣᠷᠣᠨ ᠤ ᠪᠠᠷᠢᠯᠭ᠎ᠠ ᠪᠠᠷᠢᠬᠤ ᠶᠠᠪᠤᠴᠠ ᠳᠤ ᠳ᠋ᠦᠩᠨᠡᠨ ᠪᠣᠳᠣᠭᠰᠠᠨ ᠵᠣᠭᠤᠰ ᠢ ᠥᠭᠬᠦ ᠬᠠᠷᠢᠴᠠᠯ ᠢ 80 | % ᠠᠴᠠ ᠳᠣᠣᠷ᠎ᠠ ᠪᠠᠶᠢᠯᠭᠠᠵᠤ ᠪᠣᠯᠬᠤ ᠦᠭᠡᠶ ᠭᠡᠵᠦ ᠲᠣᠭᠲᠠᠭᠠᠪᠠ᠃ | | ᠲᠠᠶᠢᠯᠪᠤᠷᠢᠯᠠᠭᠴᠢ᠄ ᠯᠢᠦ ᠴᠢᠶᠠᠩ᠂ ᠬᠠᠷᠢᠯᠴᠠᠬᠤ ᠠᠷᠭ᠎ᠠ᠄ 0471 - 6944435 | |