ᠦᠰᠦᠭ ᠪᠢᠴᠢᠭ ᠢᠶᠠᠷ ᠥᠭᠦᠯᠡᠬᠦᠢ᠄ ︽2024 ᠣᠨ ᠤ ᠪᠥᠬᠦ ᠣᠷᠣᠨ ᠤ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/7
    ᠣᠶᠢᠷ᠎ᠠ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ︽2024 ᠣᠨ ᠤ ᠪᠥᠬᠦ ᠣᠷᠣᠨ ᠤ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠦᠯ︾ ︵ᠳᠣᠷᠣᠭᠰᠢ ︽ᠠᠵᠢᠯᠯᠠᠭ᠎ᠠ ᠶᠢᠨ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ᠠᠵᠢᠯᠯᠠᠭ᠎ᠠ ᠶᠢᠨ ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠠᠴᠢ ᠬᠤᠯᠪᠣᠭᠳᠠᠯ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠬᠠᠷᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠠᠴᠠ ᠪᠠᠶᠢᠷᠢᠯᠠᠭᠤᠯᠤᠭᠰᠠᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠵᠠᠮ ᠨᠡᠭᠡᠭᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠬᠦ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ︽ᠪᠠᠶᠢᠭᠤᠯᠵᠤ ᠳᠡᠶᠢᠯᠬᠦ᠂ ᠰᠠᠶᠢᠲᠤᠷ ᠬᠠᠮᠢᠶᠠᠷᠬᠤ︾ ᠶᠢ ᠪᠡᠶᠡᠯᠡᠭᠦᠯᠵᠦ᠂ ᠲᠣᠰᠬᠤᠨ ᠪᠠᠯᠭᠠᠰᠤ ᠶᠢᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ᠬᠤᠶᠠᠷ᠂ ᠲᠣᠭᠲᠠᠭᠠᠭᠰᠠᠨ ᠦᠨᠳᠦᠰᠦᠯᠡᠯ    ︽ᠠᠵᠢᠯᠯᠠᠭ᠎ᠠ ᠶᠢᠨ ᠲᠥᠰᠦᠯ︾ ᠨᠢ ᠭᠤᠤᠯᠳᠠᠭᠤ ︽︿ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ ︵2021 - 2025 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠦᠰᠦᠭ ﹇2021﹈ 44 ᠳ᠋ᠦ᠋ᠭᠡᠷ ᠲᠣᠭᠠᠲᠤ︶ ︽︿ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ  ᠠᠮᠢ ᠠᠬᠤᠶ ᠣᠷᠴᠢᠨ ᠲᠣᠭᠤᠷᠢᠨ ᠤ ᠶᠠᠮᠤᠨ ᠤ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ﹇2022﹈ 1932 ᠳ᠋ᠤᠭᠠᠷ ᠲᠣᠭᠠᠲᠤ︶᠂ ︽︿ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2021 - 2025 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2022﹈ 2 ᠳ᠋ᠤᠭᠠᠷ ᠲᠣᠭᠠᠲᠤ︶᠂ ︽︿ᠮᠢᠩᠭᠠᠨ ᠲᠣᠰᠬᠤᠨ ᠤ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2024﹈ 1 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠪᠡ᠃ᠭᠤᠷᠪᠠ᠂ ᠠᠵᠢᠯ ᠤᠨ ᠬᠠᠷᠠᠯᠲᠠ    ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠭᠠᠵᠠᠷ ᠣᠷᠣᠨ ᠤ ᠪᠠᠶᠢᠭᠤᠯᠤᠯᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠠᠵᠢᠯ ᠤᠨ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠪᠣᠬᠢᠷ ᠤᠰᠤ ᠪᠠ ᠬᠤᠭ ᠨᠣᠪᠰᠢ ᠶᠢ ᠵᠠᠰᠠᠬᠤ ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2024 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠲᠠᠢ ᠪᠠᠶᠢᠭᠤᠯᠤᠮᠵᠢᠲᠤ ᠪᠠᠯᠭᠠᠰᠤ ᠶᠢ 50% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠥᠮᠦᠨ ᠠᠮᠠ 1000 ᠬᠥᠮᠦᠨ ᠠᠴᠠ ᠳᠡᠭᠡᠭᠰᠢᠬᠢ 100 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ᠳᠥᠷᠪᠡ᠂ ᠭᠤᠤᠯ ᠠᠭᠤᠯᠭ᠎ᠠ    ︽ᠠᠵᠢᠯᠯᠠᠭ᠎ᠠ ᠶᠢᠨ ᠲᠥᠰᠦᠯ︾ ᠢ ᠪᠠᠶᠢᠭᠤᠯᠤᠯᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠪᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠤᠶᠠᠷ ᠬᠡᠰᠡᠭ ᠬᠤᠪᠢᠶᠠᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ ᠰᠣᠩᠭᠤᠬᠤ᠂ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠠᠬᠢᠭᠤᠯᠬᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠬᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠬᠦ᠂ ᠬᠤᠭ ᠨᠣᠪᠰᠢ ᠶᠢ ᠲᠥᠷᠥᠯ ᠬᠤᠪᠢᠶᠠᠨ ᠪᠠᠭᠠᠰᠬᠠᠬᠤ ᠪᠠ ᠠᠰᠢᠭᠯᠠᠬᠤ ᠶᠢ ᠠᠬᠢᠭᠤᠯᠬᠤ ᠵᠡᠷᠭᠡ ᠵᠢᠷᠭᠤᠭᠠᠨ ᠵᠦᠢᠯ ᠤᠨ ᠭᠤᠤᠯᠳᠠᠯᠭ᠎ᠠ ᠲᠠᠢ ᠡᠭᠦᠷᠭᠡ ᠳᠤ ᠬᠤᠯᠪᠣᠭᠳᠠᠵᠠᠶ᠃ ᠭᠤᠤᠯᠳᠠᠭᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠠᠬᠢ ᠬᠥᠲᠥᠯᠦᠨ ᠳᠠᠭᠠᠭᠤᠯᠬᠤ ᠦᠢᠯᠡᠳᠦᠯ ᠢ ᠳᠣᠪᠤᠶᠢᠯᠭᠠᠵᠤ᠂ ᠪᠠᠶᠢᠭᠤᠯᠤᠮᠵᠢᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠪᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ᠲᠠᠪᠤ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ    ᠭᠢᠯᠠᠰ ᠴᠡᠭ ᠨᠢᠭᠡ᠄ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠎ᠡ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠣᠰ ᠭᠠᠵᠠᠷ ᠣᠷᠣᠨ ᠤ ᠪᠠᠶᠢᠭᠠᠯᠢ ᠶᠢᠨ ᠳᠠᠪᠠᠭᠤᠯᠢᠭ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠥᠪᠯᠡᠷᠡᠭᠦᠯᠬᠦ ᠳᠤ ᠳᠣᠭᠢᠷᠠᠪᠠᠯ ᠲᠥᠪᠯᠡᠷᠡᠭᠦᠯᠦᠨ᠂ ᠲᠠᠷᠠᠬᠠᠢ ᠪᠤᠲᠠᠷᠬᠠᠢ  ᠳᠤ ᠳᠣᠭᠢᠷᠠᠪᠠᠯ ᠲᠠᠷᠠᠬᠠᠶ ᠪᠤᠲᠠᠷᠬᠠᠶ ᠪᠠᠶᠢᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠢᠳᠪᠦᠷᠢᠯᠡᠬᠦ ᠵᠠᠭᠪᠤᠷ᠂ ᠭᠠᠷ ᠤᠷᠠᠯᠠᠯ ᠤᠨ ᠱᠤᠭᠤᠮ᠂ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠮᠠᠶ᠋ᠢᠭ ᠢ ᠵᠦᠶ ᠵᠣᠬᠢᠰᠲᠠᠶ ᠰᠣᠩᠭᠤᠬᠤ ᠬᠡᠷᠡᠭᠲᠡᠶ ᠭᠡᠵᠦ ᠱᠠᠭᠠᠷᠳᠠᠪᠠ᠃ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ︽ᠨᠢᠭᠡ ᠪᠠᠯᠭᠠᠰᠤᠨ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ ᠪᠠᠶᠢᠭᠤᠯᠤᠮᠵᠢᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠵᠤ᠂ ᠪᠠᠶᠢᠭᠤᠯᠤᠮᠵᠢᠲᠤ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠡᠮᠬᠢ ᠵᠢᠷᠤᠮ ᠲᠠᠢ ᠨᠥᠬᠦᠪᠥᠷᠢᠯᠡᠨ᠎ᠡ᠃    ᠭᠢᠯᠠᠰ ᠴᠡᠭ ᠬᠤᠶᠠᠷ᠄ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠡᠯ᠎ᠡ ᠭᠠᠵᠠᠷ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠠᠶᠢᠷᠢ ᠶᠢᠨ ᠪᠣᠳᠠᠲᠠᠶ ᠳᠤ ᠰᠠᠭᠤᠷᠢᠯᠠᠨ᠂ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ᠂ ᠪᠠᠯᠭᠠᠰᠤ ᠲᠣᠰᠬᠤᠨ ᠤ ᠲᠠᠷᠬᠠᠯᠲᠠ᠂ ᠵᠠᠰᠠᠭ ᠤᠨ ᠣᠷᠳᠣᠨ ᠤ ᠡᠳ᠋ ᠤᠨ ᠬᠦᠴᠦᠨ᠂ ᠬᠤᠭ ᠨᠣᠪᠰᠢ ᠡᠭᠦᠰᠬᠦ ᠬᠡᠮᠵᠢᠶ᠎ᠡ᠂ ᠲᠡᠭᠡᠭᠡᠪᠦᠷᠢᠯᠡᠨ ᠵᠥᠭᠡᠭᠡᠪᠦᠷᠢᠯᠡᠬᠦ ᠨᠥᠬᠦᠴᠡᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠰ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ ᠰᠣᠩᠭᠤᠨ᠂ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠰᠢᠭᠤᠯᠵᠤ᠂ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠤ ᠬᠤᠶᠠᠳᠠᠬᠢ ᠤᠳᠠᠭ᠎ᠠ ᠪᠣᠬᠢᠷᠲᠤᠯ ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠡᠴᠦᠰ ᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠨ᠎ᠡ᠃ ᠡᠭᠦᠨ ᠤ ᠬᠠᠮᠲᠤ ᠮᠠᠯᠴᠢᠨ ᠲᠠᠷᠢᠶᠠᠴᠢᠨ ᠤ ᠥᠪᠡᠷᠲᠡᠭᠡᠨ ᠬᠤᠭ ᠨᠣᠪᠰᠢ ᠴᠤᠭᠯᠠᠭᠤᠯᠬᠤ ᠰᠠᠪᠠ ᠪᠡᠯᠡᠳᠬᠡᠬᠦ ᠶᠢ ᠵᠣᠷᠢᠭᠵᠢᠭᠤᠯᠤᠨ᠎ᠠ᠃    ᠭᠢᠯᠠᠰ ᠴᠡᠭ ᠭᠤᠷᠪᠠ᠄ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ︽ᠣᠶᠢᠷ᠎ᠠ ᠬᠠᠪᠢ ᠳᠤᠨᠢ ᠰᠢᠢᠳᠪᠦᠷᠢᠯᠡᠬᠦ᠂ ᠲᠤᠬᠠᠶ ᠶᠢᠨ ᠭᠠᠵᠠᠷ ᠲᠤᠨᠢ ᠡᠷᠭᠢᠯᠳᠦᠭᠦᠯᠬᠦ︾ ᠵᠠᠷᠴᠢᠮ ᠢ ᠪᠠᠷᠢᠮᠲᠠᠯᠠᠵᠤ᠂ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠳᠠᠬᠢᠨ ᠠᠰᠢᠭᠯᠠᠬᠤ ᠶᠢ ᠳᠥᠯᠭᠢᠨ ᠠᠬᠢᠭᠤᠯᠵᠤ᠂ ᠪᠠᠷᠢᠮᠵᠢᠶ᠎ᠠ ᠳᠤ ᠬᠦᠷᠦᠭᠦᠯᠦᠨ ᠤᠰᠤ ᠲᠠᠯᠪᠢᠬᠤ ᠶᠢ ᠵᠣᠷᠢᠭᠵᠢᠭᠤᠯᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠠᠵᠤ ᠦᠢᠯᠡᠰ ᠤᠨ ᠪᠠᠶᠢᠷᠢᠰᠢᠭᠤᠯᠤᠯ ᠢ ᠦᠨᠳᠦᠰᠦᠯᠡᠨ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠣᠶᠢᠷ᠎ᠠ ᠬᠠᠪᠢ ᠳᠤᠨᠢ ᠬᠤᠲᠠ ᠶᠢᠨ ᠶᠠᠪᠤᠳᠠᠯ ᠤᠨ ᠬᠤᠯᠢᠯᠳᠤᠨ ᠬᠡᠷᠡᠭᠯᠡᠬᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠦᠵᠡᠮᠵᠢ ᠶᠢᠨ ᠤᠰᠤ ᠬᠡᠷᠡᠭᠯᠡᠬᠦ᠂ ᠠᠮᠢ ᠠᠬᠤᠶ ᠶᠢᠨ ᠤᠰᠤ ᠨᠥᠬᠦᠪᠥᠷᠢᠯᠡᠬᠦ᠂ ᠲᠠᠷᠢᠶᠠᠯᠠᠩ ᠤᠨ ᠤᠰᠤᠯᠠᠯᠲᠠ ᠵᠡᠷᠭᠡ ᠳᠤ ᠬᠡᠷᠡᠭᠯᠡᠨ᠎ᠡ᠃ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠪᠠ ᠮᠠᠯᠴᠢᠨ ᠲᠠᠷᠢᠶᠠᠴᠢᠨ ᠤ ᠳᠠᠳᠬᠠᠯ ᠳᠤ ᠨᠡᠶᠢᠴᠡᠭᠰᠡᠨ᠂ ᠳᠥᠭᠦᠮ ᠳᠥᠲᠡ ᠪᠥᠭᠡᠳ ᠬᠢᠯᠪᠡᠷ ᠬᠡᠷᠡᠭᠵᠢᠭᠦᠯᠬᠦ ᠲᠥᠷᠥᠯ ᠬᠤᠪᠢᠶᠠᠨ ᠰᠢᠢᠳᠪᠦᠷᠢᠯᠡᠬᠦ ᠵᠠᠭᠪᠤᠷ ᠢ ᠳᠡᠯᠭᠡᠷᠡᠭᠦᠯᠵᠦ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠢᠩᠭᠡᠭᠡᠬᠦ ᠠᠷᠭ᠎ᠠ ᠮᠠᠶ᠋ᠢᠭ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠪᠠᠭᠠᠰᠬᠠᠬᠤ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠲᠦᠮᠵᠢᠲᠡᠶ ᠠᠬᠢᠭᠤᠯᠤᠨ᠎ᠠ᠃    ᠬᠠᠷᠢᠯᠴᠠᠬᠤ ᠬᠥᠮᠦᠨ᠄ ᠰᠢᠶᠤᠤ ᠴᠢᠶᠠᠩ᠂ ᠬᠠᠷᠢᠯᠴᠠᠬᠤ ᠤᠲᠠᠰᠤ᠄ 0471 - 6945781 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ