ᠦᠰᠦᠭ ᠪᠢᠴᠢᠭ ᠢᠶᠠᠷ ᠦᠭᠦᠯᠡᠭᠦᠢ᠄ ︽2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/8
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠥᠯ︾ ︵ᠦᠪᠦᠷ ᠪᠠᠶᠢᠭᠤᠯᠤᠯᠳᠠ ᠲᠣᠰᠬᠤᠨ ﹇2024﹈ 57 ᠳ᠋ᠤᠭᠠᠷ ᠲᠣᠭᠠᠲᠤ᠂ ᠳᠣᠷᠣᠭᠰᠢ ︽ᠠᠵᠢᠯᠯᠠᠭ᠎ᠠ ᠶᠢᠨ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠨᠡᠶᠢᠭᠡᠮ ᠨᠡᠶᠢᠲᠡ ᠶᠢᠨ ︽ᠠᠵᠢᠯᠯᠠᠭ᠎ᠠ ᠶᠢᠨ ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠦᠨ᠂ ︽ᠠᠵᠢᠯᠯᠠᠭ᠎ᠠ ᠶᠢᠨ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠃ ᠨᠢᠭᠡ᠂ ᠨᠣᠣᠷᠠᠭᠯᠠᠭᠰᠠᠨ ᠠᠬᠤᠢ ᠪᠠᠶᠢᠳᠠᠯ     ᠲᠥᠪ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ᠂ ᠪᠦᠬᠦ ᠣᠷᠣᠨ ᠤ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠠᠮᠲᠤᠯᠢᠭ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠶᠢᠨ ᠲᠦᠯᠦᠭᠡ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ︽ᠠᠵᠢᠯᠯᠠᠭᠠᠨ ᠤ ᠲᠥᠰᠥᠯ︾ ᠢ ᠲᠤᠭᠳᠠᠭᠠᠪᠠ᠃ ᠬᠤᠶᠠᠷ᠂ ᠠᠵᠢᠯ ᠤᠨ ᠬᠠᠷᠠᠯᠲᠠ     ︽ᠠᠵᠢᠯᠯᠠᠭ᠎ᠠ ᠶᠢᠨ ᠲᠥᠰᠥᠯ︾ ᠳᠤ᠂ 2024 ᠣᠨ ᠳᠤ ᠮᠠᠯᠵᠢᠬᠤ ᠲᠠᠷᠢᠶᠠᠯᠠᠬᠤ ᠣᠷᠣᠨ ᠤ 3419 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠤᠯᠠᠮ ᠨᠢᠭᠡ ᠠᠯᠬᠤᠮ ᠪᠠᠬᠢᠵᠢᠭᠦᠯᠵᠦ᠂ ᠭᠡᠷ ᠪᠠᠶᠢᠰᠢᠩ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠦ ᠲᠤᠳᠤᠷᠬᠠᠶᠢᠯᠠᠪᠠ᠃ ᠭᠤᠷᠪᠠ᠂ ᠭᠤᠣᠯ ᠠᠭᠤᠯᠭ᠎ᠠ     ︽ᠠᠵᠢᠯᠯᠠᠭ᠎ᠠ ᠶᠢᠨ ᠲᠥᠰᠥᠯ︾ ᠳᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠵᠢᠷᠤᠭ ᠲᠥᠯᠥᠪᠯᠡᠭᠡ ᠶᠢ ᠬᠥᠳᠡᠭᠡ ᠪᠠᠭᠤᠯᠭᠠᠬᠤ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠢ ᠪᠣᠯᠪᠠᠰᠤᠷᠠᠭᠤᠯᠬᠤ ᠪᠠ ᠬᠠᠮᠢᠶᠠᠷᠬᠤ ᠵᠡᠷᠭᠡ ᠳᠥᠷᠪᠡᠨ ᠲᠠᠯ᠎ᠠ ᠠᠴᠠ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃     ᠨᠢᠭᠡ ᠳᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠬᠥᠳᠡᠯᠦᠩᠭᠦᠢ ᠬᠢᠨᠠᠨ ᠬᠡᠮᠵᠢᠯᠲᠡ ᠶᠢ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠬᠦ ᠶᠣᠰᠣᠲᠠᠢ ᠶᠢ ᠨᠢ ᠪᠦᠬᠦᠨ ᠢ ᠥᠭᠡᠷᠡᠴᠢᠯᠡᠬᠦ ᠶᠢ ᠦᠨᠡᠨᠬᠦ ᠪᠠᠲᠤᠯᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠲᠣᠭᠤᠷᠢᠨ ᠪᠠᠶᠢᠴᠠᠭᠠᠬᠤ ᠪᠠ ᠵᠢᠯᠣᠭᠤᠳᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃     ᠬᠤᠶᠠᠷ ᠲᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠨᠠᠷᠢᠯᠢᠭᠵᠢᠭᠤᠯᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠴᠠ ᠢᠨᠵᠧᠨᠧᠷᠢᠩ ᠤᠨ ᠠᠷᠭ᠎ᠠ ᠬᠡᠮᠵᠢᠶ᠎ᠡ ᠳᠠᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠨ᠎ᠠ᠃     ᠭᠤᠷᠪᠠ ᠳᠤ᠂ ᠵᠢᠷᠤᠭ ᠲᠥᠯᠥᠪᠯᠡᠭᠡ ᠶᠢ ᠬᠥᠳᠡᠭᠡ ᠪᠠᠭᠤᠯᠭᠠᠬᠤ ᠪᠠ ᠲᠤᠷᠰᠢᠯᠲᠠ ᠬᠢᠵᠦ ᠦᠯᠢᠭᠡᠷ ᠵᠢᠱᠢᠶ᠎ᠡ ᠦᠵᠡᠭᠦᠯᠬᠦ ᠠᠵᠢᠯ ᠢ ᠢᠳᠡᠪᠬᠢᠲᠡᠢ ᠪᠠᠷ ᠥᠷᠨᠢᠭᠦᠯᠦᠨ᠎ᠡ᠃ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠵᠢᠷᠤᠭ ᠲᠥᠯᠥᠪᠯᠡᠭᠡ ᠶᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠢᠩᠬᠢᠨᠢ ᠪᠠᠷᠢᠯᠭ᠎ᠠ ᠶᠢᠨ ᠵᠢᠷᠤᠭ ᠢ ᠬᠡᠷᠡᠭᠯᠡᠨ ᠭᠡᠷ ᠪᠠᠶᠢᠰᠢᠩ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ᠳᠥᠷᠪᠡ ᠳᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠲᠠᠷᠬᠠᠨ ᠤ ᠪᠤᠯᠪᠠᠰᠤᠷᠠᠯ ᠪᠠ ᠬᠠᠮᠢᠶᠠᠷᠤᠯᠲᠠ ᠶᠢ ᠢᠳᠡᠪᠬᠢᠲᠡᠢ ᠥᠷᠨᠢᠭᠦᠯᠦᠨ᠎ᠡ᠃ ᠤᠷᠠᠨ ᠳᠠᠷᠬᠠᠨ ᠤ ᠪᠤᠯᠪᠠᠰᠤᠷᠠᠯ ᠤᠨ ᠰᠠᠭᠤᠷᠢᠨ ᠭᠠᠵᠠᠷ ᠪᠠ ᠰᠦᠯᠵᠢᠶᠡᠨ ᠤ ᠪᠤᠯᠪᠠᠰᠤᠷᠠᠯ ᠤᠨ ᠲᠠᠪᠴᠠᠩ ᠢ ᠪᠠᠶᠢᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠤᠯᠪᠠᠰᠤᠷᠠᠯ ᠢ ᠴᠢᠩᠭᠠᠳᠬᠠᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠥᠷᠪᠡ᠂ ᠨᠡᠷ᠎ᠡ ᠦᠭᠡ ᠶᠢᠨ ᠲᠠᠶᠢᠯᠪᠤᠷᠢ     ︵ᠨᠢᠭᠡ︶ ︽ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠬᠠᠮᠢᠶᠠᠷᠤᠯᠲᠠ ᠶᠢᠨ ᠳᠦᠷᠢᠮ︾     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 2023 ᠣᠨ ᠤ 1 ᠳ᠋ᠤᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠨᠠᠶᠢᠳᠠᠵᠤ ︽ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠬᠠᠮᠢᠶᠠᠷᠤᠯᠲᠠ ᠶᠢᠨ ᠵᠢᠷᠤᠮᠵᠢᠯ︾ ᠳᠤ ᠵᠠᠰᠠᠪᠤᠷᠢ ᠣᠷᠣᠭᠤᠯᠪᠠ᠃ ᠭᠤᠣᠯᠳᠠᠭᠤ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠢ ᠬᠥᠮᠥᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠶᠦᠯᠭᠦᠢ ᠶᠢᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠶᠤᠮ᠃     ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠠᠮᠲᠤᠯᠢᠭ ᠤᠨ ᠭᠤᠣᠯᠳᠠᠯᠭ᠎ᠠ ᠲᠠᠢ ᠡᠲᠡᠭᠡᠳ     1. ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠃     2. ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠃     3. ᠮᠠᠯᠵᠢᠬᠤ ᠲᠠᠷᠢᠶᠠᠯᠠᠬᠤ ᠣᠷᠣᠨ ᠤ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠃     4 . ᠡᠪᠡᠳᠴᠢᠨ ᠂ ᠭᠠᠮᠰᠢᠭ ᠂ ᠰᠠᠨᠠᠭᠠᠨ ᠳᠤ ᠦᠭᠡᠢ ᠡ᠊ᠨᠳᠡᠯ ᠵᠡᠷᠭᠡ ᠰᠢᠯᠳᠠᠭᠠᠨ ᠠᠴᠠ ᠪᠤᠯᠵᠦ᠂ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ  ᠨᠢ ᠶᠡᠭᠡ ᠬᠡᠮᠵᠢᠶ᠎ᠡ ᠪᠠᠷ ᠬᠠᠰᠤᠭᠳᠠᠵᠤ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠭᠡᠷ ᠪᠦᠯᠢ᠃     5 . ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠵᠠᠬ᠎ᠠ ᠬᠢᠵᠠᠭᠠᠷ ᠤᠨ ᠭᠡᠷ ᠪᠦᠯᠢ᠃     6. ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠵᠦ ᠥᠩᠭᠡᠷᠡᠭᠰᠡᠨ ᠦᠭᠡᠢ ᠮᠥᠷᠲᠡᠭᠡᠨ ᠥᠪᠡᠷ ᠤᠨ ᠬᠦᠴᠦᠨ ᠳᠡᠭᠡᠨ ᠲᠦᠰᠢᠭᠯᠡᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠦᠭᠡᠢ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠃     ᠲᠠᠶᠢᠯᠤᠮᠵᠢ ᠬᠢᠭᠴᠢ᠄ ᠪᠦᠦ ᠶᠦᠩ ᠰᠢᠶᠠᠩ᠂ ᠬᠠᠷᠢᠯᠴᠠᠬᠤ ᠬᠡᠯᠪᠡᠷᠢ᠄ 6945971 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ