ᠣᠶᠢᠷ᠎ᠠ ᠶᠢᠨ ᠵᠢᠯ ᠳᠤ ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠠᠴᠠ ᠪᠤᠯᠤᠭᠰᠠᠨ ᠭᠠᠯ ᠤᠨ ᠭᠠᠮᠰᠢᠭ ᠲᠠᠰᠤᠷᠠᠯᠲᠠ ᠦᠭᠡᠶ ᠭᠠᠷᠴᠤ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡ ᠶᠢ ︽ ᠠᠰᠠᠷ ᠲᠤ ᠤᠷᠤᠭᠤᠯᠬᠤ︾ ᠠᠰᠠᠭᠤᠳᠠᠯ ᠨᠢ ᠨᠡᠶᠢᠭᠡᠮ ᠤᠨ ᠠᠩᠬᠠᠷᠤᠯ ᠤᠨ ᠲᠥᠪ ᠪᠣᠯᠵᠠᠶ᠃ | ᠭᠠᠯ ᠤᠨ ᠭᠠᠮᠰᠢᠭ ᠤᠨ ᠬᠤᠤᠷ ᠬᠥᠨᠥᠭᠡᠯ ᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ 2021 ᠣᠨ ᠤ 8 ᠳ᠋ᠤᠭᠠᠷ ᠰᠠᠷ᠎ᠠ ᠶᠢᠨ 1 ᠤ ᠡᠳᠦᠷ | ᠨᠡᠶᠢᠲᠡᠯᠡᠭᠰᠡᠨ ︽ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠳᠤ ᠠᠷᠠᠳ ᠤᠨ | ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ ᠲᠦᠪᠰᠢᠨ ᠭᠠᠷᠤᠴᠠ ᠳᠤ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠠᠭᠠᠵᠠᠯᠠᠨ᠎ᠠ ᠭᠡᠵᠤ | ᠲᠤᠳᠤᠷᠬᠠᠶᠢᠯᠠᠪᠠ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠠᠴᠠ ᠪᠣᠯᠤᠭᠰᠠᠨ ᠬᠤᠤᠷ ᠬᠥᠨᠥᠭᠡᠯ ᠨᠢ | ᠬᠥᠮᠦᠨ ᠢ ᠰᠣᠴᠢᠭᠠᠮ᠎ᠠ ᠪᠣᠯᠪᠠᠴᠤ ᠵᠠᠷᠢᠮ ᠬᠥᠮᠦᠰ ᠥᠪᠡᠷ ᠤᠨ ᠲᠥᠬᠦᠮ ᠤᠨ ᠲᠥᠯᠥᠭᠡ ᠠᠮᠤᠷ ᠲᠦᠪᠰᠢᠨ ᠤ ᠳᠠᠯᠳᠠ ᠬᠡᠮ ᠢ ᠬᠠᠶᠢᠬᠤᠷᠬᠤ ᠥᠬᠡᠶ ᠪᠠᠶᠢᠨ᠎ᠠ᠃ | ᠱᠠᠩᠬᠠᠢ ᠳᠤ ᠨᠢᠭᠡ ᠭᠠᠷᠠᠭ ᠤᠨ ᠳᠣᠲᠣᠷ᠎ᠠ 3 ᠤᠳᠠᠭ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠭᠠᠮᠰᠢᠭ ᠭᠠᠷᠴᠠᠢ ᠂ ᠬᠡᠪᠡᠴᠤ ᠵᠠᠷᠢᠮ | ᠬᠦᠮᠦᠨ ᠮᠦᠨ ᠯᠡ ᠠᠶᠤᠯᠲᠤ ᠵᠠᠮ ᠢᠶᠠᠷ ᠵᠠᠮᠨᠠᠵᠤ ᠪᠠᠶᠢᠨ᠎ᠠ | ᠤᠶᠢᠷ᠎ᠠ ᠶᠢᠨ ᠡᠳᠦᠷ ᠱᠠᠩᠬᠠᠢ ᠳᠤ ᠨᠢᠭᠡ ᠭᠠᠷᠠᠭ ᠤᠨ ᠳᠣᠲᠣᠷ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠠᠴᠠ ᠪᠤᠯᠤᠭᠰᠠᠨ ᠭᠠᠯ ᠤᠨ ᠭᠠᠮᠰᠢᠭ 3 | ᠤᠳᠠᠭ᠎ᠠ ᠭᠠᠷᠴᠤ᠂ ᠬᠠᠤᠯᠢ ᠶᠢ ᠵᠥᠷᠢᠴᠡᠭᠰᠡᠨ ᠬᠥᠮᠦᠰ ᠢ ᠪᠦᠷ ᠲᠦᠷ ᠬᠤᠷᠢᠬᠤ ᠪᠠᠷ ᠰᠢᠢᠳᠭᠡᠪᠡ᠃ | ᠬᠡᠷᠡᠭ ᠲᠤ ᠬᠤᠯᠪᠣᠭᠳᠠᠭᠰᠠᠨ ᠰᠠᠭᠤᠭᠠᠯᠢ ᠠᠷᠠᠳ ᠤᠨ ᠲᠣᠭᠤᠷᠢᠭ ᠠᠴᠠ ᠣᠶᠢᠯᠠᠭᠠᠭᠰᠠᠨ ᠢᠶᠠᠷ᠂ ᠠᠯᠢ ᠡᠷᠲᠡ 3 ᠵᠢᠯ ᠤᠨ ᠡᠮᠦᠨ᠎ᠡ᠂ ᠰᠠᠭᠤᠭᠠᠯᠢ ᠠᠷᠠᠳ ᠤᠨ | ᠲᠣᠭᠤᠷᠢᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠴᠠᠬᠢᠯᠭᠠᠨ ᠴᠡᠨᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠠᠰᠠᠷ | ᠨᠢᠭᠡᠪᠦᠷᠢ ᠳᠤ ᠨᠢᠭᠡ ᠮᠥᠷ ᠴᠠᠬᠢᠯᠭᠠᠨ ᠴᠡᠨᠡᠭᠯᠡᠬᠦ ᠲᠥᠬᠦᠭᠡᠷᠦᠮᠵᠢ ᠨᠡᠮᠡᠵᠡᠶ᠃ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ᠂ ᠴᠥᠭᠡᠨ ᠪᠤᠰᠤ ᠰᠠᠭᠤᠭᠠᠯᠢ ᠠᠷᠠᠳ ᠡᠯ᠎ᠡ | ᠵᠦᠢᠯ ᠤᠨ ᠰᠢᠯᠲᠠᠭᠠᠨ ᠠᠴᠠ ᠪᠣᠯᠵᠤ᠂ ᠴᠡᠨᠡᠭᠯᠡᠭᠦᠷ ᠢ ᠭᠡᠷ ᠲᠤ ᠪᠠᠨ ᠠᠪᠠᠴᠢᠵᠤ ᠴᠠᠬᠢᠯᠭᠠᠨ ᠴᠡᠨᠡᠭᠯᠡᠳᠡᠭ ᠃ | ᠬᠡᠷᠡᠭ ᠲᠤ ᠬᠤᠯᠪᠣᠭᠳᠠᠭᠰᠠᠨ ᠰᠠᠭᠤᠭᠠᠯᠢ ᠠᠷᠠᠳ ᠤᠨ ᠲᠣᠭᠤᠷᠢᠭ ᠤᠨ ᠡᠰᠡᠷᠭᠦ ᠲᠠᠯ᠎ᠠ ᠪᠣᠯ ᠶᠢᠨ ᠪᠠᠩ ᠵᠢᠶᠠ ᠶᠤᠸᠠᠨ ᠪᠣᠯᠤᠨ᠎ᠠ᠂ ᠡᠨᠡ ᠪᠣᠯ ᠴᠠᠬᠢᠯᠭᠠᠨ ᠱᠠᠲᠤ | ᠲᠠᠢ ᠵᠢᠵᠢᠭ ᠥᠨᠳᠥᠷ ᠪᠠᠷᠢᠯᠭ᠎ᠠ ᠪᠣᠯᠤᠨ᠎ᠠ᠂ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠᠨ ᠠᠰᠠᠷ ᠤᠨ ᠬᠤᠩᠭᠢᠯ ᠳᠤ ᠲᠠᠯᠪᠢᠬᠤ ᠠᠴᠠ | ᠰᠡᠷᠭᠡᠢᠯᠡᠬᠦ ᠶᠢᠨ ᠲᠥᠯᠥᠭᠡ᠂ ᠴᠠᠬᠢᠯᠭᠠᠨ ᠱᠠᠲᠤᠨ ᠳᠤ ︽ ᠡᠵᠡᠮᠳᠡᠬᠦ ᠰᠢᠰᠲ᠋ᠧᠮ︾ ᠨᠡᠮᠡᠵᠦ ᠤᠭᠰᠠᠷᠠᠵᠠᠢ᠂ ᠰᠠᠭᠤᠭᠠᠯᠢ ᠠᠷᠠᠳ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡ ᠶᠢ ᠴᠠᠬᠢᠯᠭᠠᠨ ᠱᠠᠲᠤᠨ ᠳᠤ ᠲᠦᠯᠬᠢᠨ ᠤᠷᠤᠭᠤᠯᠪᠠᠯ ᠲᠠᠷᠤᠢ ᠴᠠᠬᠢᠯᠭᠠᠨ ᠱᠠᠲᠤ ᠠᠵᠢᠯᠯᠠᠬᠤ ᠪᠠᠨ ᠵᠤᠭᠰᠤᠨ᠎ᠠ᠃ | ᠬᠡᠳᠦ᠋ᠢᠪᠡᠷ ︽ᠰᠢᠨᠵᠢᠯᠡᠭᠡ ᠮᠡᠷᠭᠡᠵᠢᠯ ᠤᠨ ᠴᠢᠳᠠᠪᠤᠷᠢ ︾ ᠲᠠᠢ ᠪᠣᠯᠪᠠᠴᠤ᠂ ᠣᠨᠴᠠ ᠵᠠᠷᠢᠮ ᠰᠠᠭᠤᠭᠠᠯᠢ ᠠᠷᠠᠳ ᠮᠦᠨ ᠯᠡ ︽ᠬᠢᠳᠤᠭᠠᠨ ᠢᠷ ᠲᠡᠭᠡᠷ᠎ᠡ | ᠠᠯᠬᠤᠨ᠎ᠠ︾ ᠂ ᠵᠠᠷᠢᠮ ᠰᠠᠭᠤᠭᠠᠯᠢ ᠠᠷᠠᠳ ᠴᠠᠬᠢᠯᠭᠠᠨ ᠱᠠᠲᠤᠨ ᠳᠤ ᠣᠷᠣᠬᠤ ᠳᠠᠭᠠᠨ ᠵᠣᠷᠢᠭᠤᠳᠠ ᠪᠣᠷᠣᠭᠠᠨ ᠤ ᠰᠢᠬᠦᠷ ᠢᠶᠠᠷ ᠲᠤᠷᠠᠨ ᠢ ᠬᠠᠯᠬᠠᠯᠠᠵᠤ᠂ | ᠲᠤᠷᠠᠨᠳᠤᠭᠤᠷ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠣᠨᠣᠪᠴᠢᠲᠠᠶ ᠢᠯᠭᠠᠨ ᠲᠠᠨᠢᠬᠤ ᠠᠴᠠ ᠵᠠᠶᠢᠯᠠᠰᠬᠢᠪᠡ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠴᠠᠬᠢᠯᠭᠠᠨ ᠴᠡᠨᠡᠭᠯᠡᠭᠦᠷ ᠤᠨ ᠬᠢᠷᠢ ᠲᠡᠩᠴᠡᠬᠦ ᠦᠭᠡᠢ ᠨᠣᠷᠮ᠎ᠠ ᠨᠢ ᠣᠶᠢᠷ᠎ᠠ ᠶᠢᠨ ᠬᠡᠳᠦᠨ ᠵᠢᠯ ᠳᠤ ᠨᠡᠯᠢᠶᠡᠳ | ᠥᠨᠳᠥᠷ ᠪᠣᠯᠵᠠᠢ᠃ | ᠮᠠᠨ ᠤ ᠤᠯᠤᠰ ᠪᠣᠯ ᠪᠦᠬᠦ ᠪᠥᠮᠪᠥᠷᠴᠡᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠦᠢᠯᠡᠳᠪᠦᠷᠢᠯᠡᠬᠦ ᠪᠠ ᠬᠡᠷᠡᠭᠯᠡᠬᠦ ᠨᠢᠭᠡᠳᠦᠭᠡᠷ ᠲᠣᠮᠣ ᠤᠯᠤᠰ | ᠪᠠᠶᠢᠵᠤ᠂ 4 ᠬᠥᠮᠦᠨ ᠪᠦᠷᠢ ᠳᠤ ᠨᠢᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠠᠢ᠃ | ᠡᠭᠦᠨ ᠤ ᠬᠠᠮᠲᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠠᠴᠠ ᠪᠤᠯᠤᠭᠰᠠᠨ ᠭᠠᠯ ᠤᠨ ᠠᠶᠤᠯ ᠤᠨ ᠭᠠᠮᠰᠢᠭ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ | ᠤᠯᠤᠰ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠥᠬᠦ ᠤᠯᠤᠰ ᠲᠤ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠢ ᠨᠡᠶᠢᠲᠡ 2.1 ᠲᠦᠮᠡᠨ ᠤᠳᠠᠭ᠎ᠠ ᠭᠥᠯᠢᠶᠡᠨ ᠠᠪᠴᠤ᠂ 2022 ᠣᠨ ᠲᠠᠢ ᠬᠠᠷᠢᠴᠠᠭᠤᠯᠪᠠᠯ 17.4% | ᠳᠡᠭᠡᠭᠰᠢᠯᠡᠪᠡ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠵᠤ︾ ᠴᠠᠬᠢᠯᠭᠠᠨ ᠴᠡᠨᠡᠭᠯᠡᠬᠦ ᠳᠤ ᠯᠤᠲᠤ ᠶᠡᠭᠡ ᠠᠮᠤᠷ ᠲᠦᠪᠰᠢᠨ ᠤ | ᠳᠠᠯᠳᠠ ᠭᠡᠮ ᠤᠷᠤᠰᠢᠵᠤ ᠪᠠᠶᠢᠨ᠎ᠠ ᠃ | ᠣᠢᠢᠯᠠᠭᠠᠬᠰᠠᠨ ᠢᠶᠠᠷ᠂ ᠣᠢᠢᠷ᠎ᠠ ᠶᠢᠨ ᠬᠡᠲᠣᠠ ᠵᠢᠯ ᠳᠤ ᠡᠯ᠎ᠠ ᠭᠠᠵᠠᠷ ᠤᠨ ᠭᠠᠯ ᠤᠨ ᠠᠲᠠᠯ ᠤᠨ 80% ᠨᠢ ᠬᠡᠳᠦᠷᠡᠳᠡᠯ᠎ᠡ ᠴᠠᠭᠢᠯᠭᠠᠨ ᠴᠡᠨᠡᠭᠯᠡᠬᠦ ᠪᠤᠶᠤ ᠰᠦᠨᠢ | ᠲᠤᠷᠰᠢ ᠴᠠᠭᠢᠯᠭᠠᠨ ᠴᠡᠨᠡᠭᠯᠡᠬᠦ ᠠᠴᠠ ᠪᠤᠯᠤᠭᠰᠠᠨ ᠶᠣᠮ᠃ ᠬᠡᠷᠡᠭᠯᠡᠭᠴᠢᠳ ᠦᠪᠡᠷ ᠢᠶᠠᠨ ᠥᠭᠡᠷᠡᠴᠢᠯᠡᠨ ᠤᠭᠰᠠᠷᠠᠬᠤ᠂ ᠵᠣᠬᠢᠰ ᠥᠬᠡᠢ ᠴᠠᠭᠢᠯᠭᠠᠨ ᠴᠡᠨᠡᠭᠯᠡᠬᠦ ᠦᠢᠯᠡ | ᠠᠵᠢᠯᠯᠠᠭ᠎ᠠ ᠠᠴᠠ ᠭᠠᠳᠠᠨ᠎ᠠ᠂ ᠮᠠᠰᠢ ᠣᠯᠠᠨ ᠭᠠᠯ ᠤᠨ ᠠᠳᠡᠯ ᠨᠢ ᠦᠨᠡᠨ ᠳᠤ ᠪᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠡᠨᠡᠭ ᠤᠨ ᠲᠤᠰ ᠪᠡᠶ᠎ᠡ ᠶᠢᠨ | ᠶᠠᠰᠤ ᠴᠢᠨᠠᠷ ᠨᠢ ᠬᠢᠷᠢ ᠲᠡᠩᠴᠡᠬᠦ ᠦᠭᠡᠢ ᠠᠴᠠ ᠪᠣᠯᠤᠭᠰᠠᠨ ᠶᠤᠮ᠃ | ᠴᠡᠨᠡᠭ ᠤᠨ ᠲᠤᠰ ᠪᠡᠶ᠎ᠡ ᠶᠢᠨ ᠶᠠᠰᠦ ᠴᠢᠨᠠᠷ ᠨᠢ ᠬᠢᠷᠢ ᠲᠡᠩᠴᠡᠬᠦ ᠦᠭᠡᠢ ᠠᠴᠠ ᠭᠠᠳᠠᠨ᠎ᠠ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ | ᠡᠭᠦᠰᠬᠦ ᠪᠠᠰᠠ ᠨᠢᠭᠡ ᠴᠢᠬᠤᠯᠠ ᠰᠢᠯᠳᠠᠭᠠᠨ ᠨᠢ ᠳᠠᠷᠤᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠡᠨᠡᠭᠯᠡᠭᠦᠷ ᠪᠣᠯᠣᠨ᠎ᠠ᠃ ᠴᠠᠬᠢᠯᠭᠠᠨ ᠬᠥᠳᠡᠯᠭᠡᠭᠦᠷᠲᠦ | ᠳᠤᠭᠤᠢ ᠲᠡᠷᠭᠡᠨ ᠤ ᠠᠮᠦᠷ ᠲᠦᠪᠰᠢᠨ ᠳᠤ ᠬᠤᠯᠪᠤᠭᠳᠠᠬᠤ ᠴᠡᠨᠡᠭᠯᠡᠭᠦᠷ ᠤᠨ ᠬᠢᠷᠢ ᠲᠡᠩᠴᠡᠬᠦ ᠦᠭᠡᠶ ᠨᠣᠷᠮ᠎ᠠ ᠨᠢ ᠬᠠᠷᠢᠨ ᠮᠠᠰᠢ ᠥᠨᠳᠥᠷ ᠶᠤᠮ᠃ | ᠤᠯᠤᠰ ᠤᠨ ᠬᠥᠩᠭᠡᠨ ᠬᠡᠯᠪᠡᠷᠢ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠵᠢᠴᠢ ᠴᠡᠨᠡᠭ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠤᠨ | ᠮᠡᠷᠭᠡᠵᠢᠯ ᠤᠨ ᠶᠡᠷᠦᠩᠬᠡᠢ ᠬᠢᠨᠠᠭᠴᠢ ᠶᠧ ᠵᠧᠨ ᠲᠤᠤ᠄ 2018 ᠣᠨ ᠳᠤ ᠴᠡᠨᠡᠭᠯᠡᠭᠦᠷ ᠤᠨ ᠶᠠᠰᠤ ᠴᠢᠨᠠᠷ ᠢ ᠲᠡᠭᠡᠭᠰᠢᠯᠡᠭᠦᠯᠬᠦ ᠶᠢᠨ ᠲᠥᠯᠥᠭᠡ᠂ ᠤᠯᠤᠰ ᠠᠴᠠ | ᠲᠠᠨᠢᠯᠴᠠᠭᠤᠯᠬᠤ ᠴᠢᠨᠠᠷᠲᠠᠢ ᠪᠠᠷᠢᠮᠵᠢᠶ᠎ᠠ ᠶᠢ ᠲᠣᠭᠲᠠᠭᠠᠵᠠᠢ᠂ ᠭᠡᠪᠡᠴᠦ ᠣᠳᠣ ᠪᠣᠯᠲᠠᠯ᠎ᠠ ᠤᠯᠠᠩᠬᠢ ᠲᠤᠭᠠᠨ ᠤ ᠠᠵᠤ ᠠᠬᠤᠢᠯᠠᠯ ᠴᠥᠮ ᠡᠨᠡ ᠬᠦ ᠪᠠᠷᠢᠮᠵᠢᠶ᠎ᠠ ᠶᠢ | ᠬᠡᠷᠡᠭᠯᠡᠬᠦ ᠦᠭᠡᠢ ᠪᠠᠶᠢᠨ᠎ᠠ ᠃ ᠭᠤᠣᠯ ᠰᠢᠯᠲᠠᠭᠠᠨ ᠨᠢ ᠡᠨᠡᠬᠦ ᠪᠠᠷᠢᠮᠵᠢᠶ᠎ᠠ ᠨᠢ ᠨᠡᠯᠢᠶᠡᠳ ᠥᠨᠳᠥᠷ᠂ ᠪᠠᠷᠢᠮᠵᠢᠶ᠎ᠠ ᠳᠤ ᠬᠡᠲᠦᠷᠬᠡᠶ ᠴᠡᠨᠡᠭᠯᠡᠬᠦ ᠶᠢ ᠬᠠᠮᠠᠭᠠᠯᠠᠬᠤ᠂ ᠳᠤᠯᠠᠭᠠᠨ | ᠭᠡᠳᠦᠷᠡᠬᠦ ᠶᠢ ᠬᠠᠮᠠᠭᠠᠯᠠᠬᠤ᠂ ᠬᠠᠯᠠᠯᠳᠠ ᠶᠢᠨ ᠬᠢᠵᠠᠭᠠᠷᠯᠠᠯ ᠵᠡᠷᠭᠡ ᠶᠢ ᠱᠠᠭᠠᠷᠳᠠᠨ᠎ᠠ᠃ | ᠠᠯᠪᠠᠳᠠᠯᠭ᠎ᠠ ᠶᠢᠨ ᠴᠢᠨᠠᠷᠲᠠᠢ ᠪᠢᠰᠢ ᠪᠣᠯᠬᠤᠷ ᠴᠥᠭᠡᠨ ᠪᠤᠰᠤ ᠠᠵᠤ ᠠᠬᠤᠶᠢᠯᠠᠯ ᠡᠨᠡᠬᠦ ᠪᠠᠷᠢᠮᠵᠢᠶ᠎ᠠ ᠶᠢ ᠰᠣᠩᠭᠤᠯᠲᠠ ᠶᠢᠨ ᠴᠢᠨᠠᠷ ᠲᠠᠢ ᠬᠠᠶᠠᠵᠠᠢ ᠃ ᠡᠭᠦᠨ ᠤ | ᠬᠠᠮᠲᠤ ᠬᠠᠭᠠᠰ ᠲᠣᠭᠠᠨ ᠠᠴᠠ ᠬᠡᠲᠦᠷᠡᠭᠰᠡᠨ ᠠᠵᠤ ᠠᠬᠤᠶᠢᠯᠠᠯ ᠤᠨ ᠬᠡᠪᠴᠢᠶ᠎ᠡ ᠨᠢ ᠨᠡᠯᠢᠶᠡᠳ ᠪᠠᠭ᠎ᠠ ᠂ ᠮᠡᠷᠭᠡᠵᠢᠯ ᠤᠨ ᠪᠣᠳᠠᠲᠤ ᠬᠦᠴᠦᠨ ᠪᠠ ᠵᠠᠬ᠎ᠠ ᠳᠡᠯᠭᠡᠭᠦᠷ ᠤᠨ | ᠪᠠᠶᠢᠷᠢ ᠲᠣᠭᠲᠠᠭᠠᠯᠲᠠ ᠨᠢ ᠦᠢᠯᠡᠳᠬᠦᠨ ᠤ ᠳᠣᠣᠷ᠎ᠠ ᠥᠪᠡᠷ ᠤᠨ ᠥᠷᠲᠡᠭ ᠤᠨ ᠣᠨᠴᠠᠯᠢᠭ ᠢ ᠲᠣᠭᠲᠠᠭᠠᠪᠠ᠃ | ᠨᠢᠭᠡ ᠪᠦᠯᠦᠭ ᠴᠠᠬᠢᠯᠭᠠᠨ ᠴᠡᠨᠡᠭᠯᠡᠭᠦᠷ ᠤᠨ ᠴᠠᠬᠢᠯᠭᠠᠨ ᠬᠡᠯᠬᠢᠶᠡᠨ ᠤ ᠬᠠᠪᠳᠠᠰᠤ᠂ ᠪᠦᠲᠦᠴᠡ ᠨᠢ ᠳᠥᠭᠦᠮ᠂ ᠲᠣᠨᠤᠭ ᠲᠥᠬᠦᠭᠡᠷᠦᠮᠵᠢ ᠨᠢ ᠬᠠᠷᠢᠴᠠᠩᠭᠤᠢ | ᠴᠥᠭᠡᠨ᠂ ᠬᠡᠪᠴᠢᠶ᠎ᠡ ᠨᠢ ᠨᠡᠯᠢᠶᠡᠳ ᠪᠠᠭ᠎ᠠ᠂ ᠳᠤᠯᠠᠭᠠᠨ ᠤ ᠡᠵᠡᠮᠳᠡᠭᠦᠷ ᠦᠭᠡᠢ ᠂ ᠨᠡᠩ ᠴᠤ ᠬᠡᠳᠦᠷᠬᠡᠢ ᠴᠠᠬᠢᠯᠭᠠᠨ ᠴᠡᠨᠡᠭᠯᠡᠬᠦ ᠪᠠ ᠬᠡᠳᠦ ᠳᠤᠯᠠᠭᠠᠨ ᠢ ᠬᠠᠮᠠᠭᠠᠯᠠᠬᠤ | ᠪᠣᠳᠣᠯᠭ᠎ᠠ ᠶᠢᠨ ᠴᠢᠫ ᠤᠨ ᠵᠢᠷᠤᠭ ᠲᠥᠯᠥᠪᠯᠡᠭᠡ ᠳᠤᠲᠠᠭᠳᠠᠵᠤ᠂ ᠥᠪᠡᠷ ᠤᠨ ᠥᠷᠲᠡᠭ ᠲᠤᠤᠷ᠎ᠠ᠂ ᠦᠢᠯᠡᠳᠪᠦᠷᠢ ᠠᠴᠠ ᠭᠠᠷᠬᠤ ᠦᠨ᠎ᠡ ᠨᠢ 20 ᠲᠥᠭᠦᠷᠢᠭ ᠬᠦᠷᠬᠦ | ᠦᠭᠡᠢ᠃ ᠡᠩ ᠤᠨ ᠪᠠᠢᠳᠠᠯ ᠳᠤ ᠠᠪᠴᠤ ᠬᠡᠯᠡᠪᠡᠯ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠴᠠᠬᠢᠯᠭᠠᠨ ᠴᠡᠨᠡᠭᠯᠡᠭᠦᠷ ᠨᠢ 3 ᠵᠢᠯ ᠣᠷᠴᠢᠮ ᠪᠤᠯᠪᠠᠯ ᠰᠣᠯᠢᠬᠤ | ᠬᠡᠷᠡᠭᠲᠡᠢ᠂ ᠬᠠᠷᠢᠨ ᠨᠡᠯᠢᠶᠡᠳ ᠨᠢᠭᠡ ᠬᠡᠰᠡᠭ ᠬᠡᠷᠡᠭᠯᠡᠭᠴᠢᠳ ᠳᠠᠬᠢᠨᠲᠠ ᠴᠠᠬᠢᠯᠭᠠᠨ ᠴᠡᠨᠡᠭᠯᠡᠭᠦᠷ ᠬᠤᠳᠠᠯᠳᠤᠨ ᠠᠪᠬᠤ ᠳᠤ ᠬᠠᠷᠢᠨ ᠳᠥᠭᠦᠮ ᠪᠤᠶᠤ ᠦᠨ᠎ᠡ ᠨᠢ | ᠬᠢᠮᠳᠠ ᠶᠢ ᠪᠤᠳᠤᠯᠬᠢᠯᠠᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠳᠡᠯᠭᠡᠭᠦᠷ᠂ ᠰᠡᠯᠪᠢᠨ ᠵᠠᠰᠠᠬᠤ ᠳᠡᠯᠭᠡᠭᠦᠷ ᠠᠴᠠ ᠬᠤᠳᠠᠯᠳᠤᠨ ᠠᠪᠬᠤ ᠪᠤᠶᠤ | ᠰᠦᠯᠵᠢᠶᠡᠨ ᠲᠡᠭᠡᠷ᠎ᠡ ᠠᠴᠠ ᠬᠤᠳᠠᠯᠳᠤᠨ ᠠᠪᠳᠠᠭ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠰᠡᠯᠪᠢᠭ ᠲᠣᠨᠤᠭ ᠤᠨ ᠶᠠᠰᠤ ᠴᠢᠨᠠᠷ ᠨᠢ ᠰᠠᠶᠢᠨ ᠮᠠᠭᠤ ᠠᠳᠠᠯᠢ ᠪᠤᠰᠤ ᠪᠣᠯᠬᠤᠷ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠦᠢᠯᠡ ᠠᠵᠢᠯᠯᠠᠭ᠎ᠠ ᠨᠢ ᠨᠡᠩ ᠶᠡᠭᠡ ᠠᠶᠤᠯ ᠲᠦᠭᠰᠢᠭᠦᠷᠢ ᠪᠠ ᠬᠤᠤᠷ ᠬᠥᠨᠥᠭᠡᠯ ᠲᠠᠢ ᠪᠠᠶᠢᠳᠠᠭ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠶᠢ ᠶᠠᠭᠠᠬᠢᠭᠠᠳ ᠬᠤᠷᠢᠭᠯᠠᠵᠤ ᠲᠡᠶᠢᠯᠬᠦ ᠦᠭᠡᠢ ᠪᠣᠢ︖ | ᠬᠡᠳᠦ᠋ᠢᠪᠡᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠨᠢ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠭᠡᠮ | ᠤᠷᠤᠰᠢᠵᠦ ᠪᠠᠶᠢᠭ᠎ᠠ ᠪᠤᠯᠪᠠᠴᠦ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠦᠵᠡᠭᠳᠡᠯ ᠢ ᠬᠤᠷᠢᠭᠯᠠᠵᠤ ᠲᠡᠶᠢᠯᠬᠦ ᠦᠭᠡᠢ ᠪᠠᠶᠢᠨ᠎ᠠ ᠃ | ᠪᠠᠶᠢᠴᠠᠭᠠᠯᠲᠠ ᠢᠶᠠᠷ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠵᠤ︾ ᠪᠠᠶᠢᠭ᠎ᠠ ᠠᠰᠠᠭᠤᠳᠠᠯ ᠤᠨ ᠰᠢᠯᠲᠠᠭᠠᠨ ᠨᠢ ᠣᠯᠠᠨ ᠵᠦᠢᠯ | ᠪᠠᠶᠢᠳᠠᠭ᠃ | ᠰᠠᠭᠤᠭᠠᠯᠢ ᠠᠷᠠᠳ ᠤᠨ ᠲᠣᠭᠤᠷᠢᠭ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠡᠷᠭᠡᠨ ᠵᠣᠭᠰᠣᠭᠠᠯ ᠵᠢᠴᠢ ᠴᠠᠬᠢᠯᠭᠠᠨ ᠴᠡᠨᠡᠭᠯᠡᠬᠦ ᠪᠠᠭᠠᠨ᠎ᠠ ᠪᠠᠶᠢᠬᠤ ᠥᠬᠡᠶ᠂ | ᠰᠠᠭᠤᠭᠠᠯᠢ ᠠᠷᠠᠳ ᠲᠡᠷᠭᠡ ᠵᠣᠭᠰᠣᠭᠠᠬᠤ ᠭᠠᠵᠠᠷ ᠥᠬᠡᠶ᠂ ᠴᠠᠬᠢᠯᠭᠠᠨ ᠴᠡᠨᠡᠭᠯᠡᠬᠦ ᠭᠠᠵᠠᠷ ᠥᠬᠡᠶ︔ | ᠰᠠᠭᠤᠭᠠᠯᠢ ᠠᠷᠠᠳ ᠤᠨ ᠲᠣᠭᠤᠷᠢᠭ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠡᠷᠭᠡ ᠵᠣᠭᠰᠣᠭᠠᠬᠤ ᠰᠠᠷᠠᠪᠴᠢ ᠪᠠ ᠴᠠᠬᠢᠯᠭᠠᠨ ᠴᠡᠨᠡᠭᠯᠡᠬᠦ ᠪᠠᠭᠠᠨ᠎ᠠ | ᠤᠭᠰᠠᠷᠠᠬᠤ ᠶᠠᠪᠤᠴᠠ ᠳᠤ᠂ ᠵᠠᠷᠢᠮ ᠰᠠᠭᠤᠭᠠᠯᠢ ᠠᠷᠠᠳ ᠡᠰᠡᠷᠭᠦᠴᠡᠵᠦ᠂ ᠬᠠᠷᠰᠢ ᠰᠠᠭᠠᠳ ᠲᠤ ᠤᠴᠠᠷᠠᠭᠤᠯᠳᠠᠭ ︔ | ᠰᠠᠭᠤᠭᠠᠯᠢ ᠠᠷᠠᠳ ᠤᠨ ᠲᠣᠭᠤᠷᠢᠭ ᠨᠢ ᠲᠡᠷᠭᠡ ᠵᠣᠭᠰᠣᠬᠤ ᠰᠠᠷᠠᠪᠴᠢ ᠵᠢᠴᠢ ᠴᠠᠬᠢᠯᠭᠠᠨ ᠴᠡᠨᠡᠭᠯᠡᠬᠦ ᠪᠠᠭᠠᠨ᠎ᠠ ᠪᠠᠶᠢᠨ᠎ᠠ᠂ ᠭᠡᠪᠡᠴᠦ ᠲᠡᠷᠭᠡ ᠵᠣᠭᠰᠣᠭᠠᠬᠤ ᠵᠠᠷᠤᠳᠠᠯ | ᠪᠠ ᠴᠠᠬᠢᠯᠭᠠᠨ ᠴᠡᠨᠡᠭᠯᠡᠬᠦ ᠵᠠᠷᠤᠳᠠᠯ ᠥᠨᠳᠥᠷ ᠪᠣᠯᠬᠤᠷ ᠰᠠᠭᠤᠭᠠᠯᠢ ᠠᠷᠠᠳ ᠬᠡᠷᠡᠭᠯᠡᠬᠦ ᠳᠤᠷ᠎ᠠ ᠦᠭᠡᠢ ᠃ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠶᠢ ᠴᠠᠭᠠᠵᠠᠯᠠᠵᠤ ᠴᠡᠭᠴᠡᠯᠡᠨ ᠵᠠᠰᠠᠬᠤ ᠶᠠᠪᠤᠴᠠ ᠳᠤ ᠦᠨᠡᠨ ᠬᠦ ᠮᠠᠰᠢ ᠣᠯᠠᠨ | ᠬᠦᠴᠢᠷᠳᠡᠯ ᠣᠷᠣᠰᠢᠵᠤ ᠪᠠᠶᠢᠨ᠎ᠠ᠂ ᠭᠡᠪᠡᠴᠦ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠬᠠᠮᠠᠭᠠᠯᠠᠬᠤ ᠶᠢᠨ | ᠲᠥᠯᠥᠭᠡ᠂ ᠣᠯᠠᠨ ᠰᠠᠯᠠᠭ᠎ᠠ ᠮᠥᠴᠢᠷ ᠬᠠᠮᠵᠢᠯᠴᠠᠨ ᠠᠰᠠᠭᠤᠳᠠᠯ ᠢ ᠰᠢᠢᠳᠪᠦᠷᠢᠯᠡᠬᠦ ᠪᠤᠯ ᠨᠢᠭᠡᠨᠲᠡ ᠠᠯᠭᠤᠷᠯᠠᠵᠤ ᠪᠣᠯᠤᠰᠢ ᠥᠬᠡᠶ ᠶᠠᠪᠤᠳᠠᠯ ᠪᠣᠯᠵᠠᠶ᠃ | ᠴᠠᠬᠢᠯᠭᠠᠨ ᠬᠦᠳᠡᠯᠭᠡᠬᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠬᠦ ᠳᠤ ᠳᠥᠭᠦᠮ᠂ ᠰᠠᠭᠤᠭᠠᠯᠢ ᠠᠷᠠᠳ ᠢ ᠰᠠᠨᠠᠭ᠎ᠠ ᠠᠮᠤᠷ ᠪᠠᠶᠢᠯᠭᠠᠬᠤ ᠪᠣᠯ ᠵᠠᠩᠭᠢᠯᠠᠭ᠎ᠠ | ᠪᠣᠯᠣᠨ᠎ᠠ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠬᠦ ᠨᠢ ᠰᠠᠭᠤᠭᠠᠯᠢ ᠠᠷᠠᠳ ᠲᠤ ᠠᠪᠴᠤ ᠬᠡᠯᠡᠪᠡᠯ ᠵᠠᠶᠢᠯᠠᠰᠢ ᠦᠭᠡᠢ ᠬᠡᠷᠡᠭᠴᠡᠭᠡ ᠮᠥᠨ᠂ | ᠬᠡᠷᠬᠢᠨ ᠰᠠᠭᠤᠭᠠᠯᠢ ᠠᠷᠠᠳ ᠢ ᠴᠠᠬᠢᠯᠭᠠᠨ ᠴᠡᠨᠡᠭᠯᠡᠬᠦ ᠳᠤ ᠲᠥᠬᠦᠮ ᠪᠠ ᠰᠠᠨᠠᠭ᠎ᠠ ᠠᠮᠤᠷ ᠪᠠᠶᠢᠯᠭᠠᠬᠤ ᠪᠣᠯ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠮᠥᠨ᠃ | ᠪᠤᠤ ᠳ᠋ᠢᠩ ᠬᠤᠲᠠ ᠶᠢᠨ ᠴᠢᠩ ᠶᠤᠸᠠᠨ ᠲᠣᠭᠤᠷᠢᠭ ᠤᠨ ᠶᠠᠩ ᠭᠤᠸᠠᠩ ᠣᠯᠠᠨ ᠤᠯᠤᠰ ᠤᠨ A ᠲᠣᠭᠤᠷᠢᠭ᠂ ᠰᠠᠭᠤᠭᠠᠯᠢ ᠲᠣᠭᠤᠷᠢᠭ ᠤᠨ ᠪᠣᠳᠠᠲᠤ ᠪᠠᠶᠢᠳᠠᠯ | ᠪᠣᠯᠤᠨ ᠰᠠᠭᠤᠭᠠᠯᠢ ᠠᠷᠠᠳ ᠤᠨ ᠡᠯ᠎ᠡ ᠵᠦᠢᠯ ᠤᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠲᠡᠷᠭᠡᠨ ᠰᠠᠷᠠᠪᠴᠢ ᠶᠢᠨ ᠪᠠᠭᠲᠠᠭᠠᠮᠵᠢ ᠶᠢᠨ | ᠲᠠᠯᠠᠪᠠᠢ ᠶᠢ ᠦᠷᠭᠡᠳᠭᠡᠵᠦ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠲᠤᠭ᠎ᠠ ᠶᠢ ᠨᠡᠮᠡᠭᠳᠡᠭᠦᠯᠦᠨ᠂ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ | ᠠᠷᠠᠳ ᠤᠨ ᠠᠩᠬᠠᠷᠴᠤ ᠪᠠᠶᠢᠭ᠎ᠠ ᠴᠠᠬᠢᠯᠭᠠᠨ ᠴᠡᠨᠡᠭᠯᠡᠬᠦ ᠦᠨ᠎ᠡ ᠬᠠᠩᠰᠢ ᠶᠢ ᠢᠯᠡ ᠪᠠᠷ ᠨᠡᠶᠢᠳᠡᠯᠡᠪᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ | ᠠᠷᠭ᠎ᠠ ᠪᠠᠷᠢᠯ ᠢ ᠬᠡᠷᠡᠭᠯᠡᠨ᠂ ᠴᠠᠬᠢᠯᠭᠠᠨ ᠱᠠᠲᠤ ᠳᠤ ᠤᠷᠤᠭᠤᠯᠬᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠢᠳᠬᠠᠨ ᠬᠤᠷᠢᠭᠯᠠᠪᠠ᠃ ᠠᠷᠠᠳ ᠲᠤ ᠲᠥᠬᠦᠮ | ᠦᠵᠡᠭᠦᠯᠬᠦ ᠪᠠ ᠬᠥᠲᠥᠯᠦᠨ ᠵᠢᠯᠣᠭᠤᠳᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠣᠭᠤᠷᠢᠭ ᠤᠨ 2500 ᠭᠠᠷᠤᠶ ᠡᠷᠦᠬᠡ ᠰᠠᠭᠤᠭᠠᠯᠢ | ᠠᠷᠠᠳ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠤᠰᠤᠭᠠᠬᠤ ᠪᠠ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠭᠦᠢᠴᠡᠳ ᠬᠠᠩᠭᠠᠭᠰᠠᠨ ᠢᠶᠠᠷ ᠪᠠᠷᠠᠬᠤ ᠥᠬᠡᠶ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠠᠴᠠ ᠪᠣᠯᠤᠭᠰᠠᠨ ᠠᠮᠤᠷ ᠲᠦᠪᠰᠢᠨ ᠤ ᠠᠰᠠᠭᠤᠳᠠᠯ ᠨᠢ ᠲᠦᠭ ᠲᠦᠮᠡᠨ | ᠡᠷᠦᠬᠡ ᠳᠤ ᠬᠤᠯᠪᠣᠭᠳᠠᠨ᠎ᠠ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠠᠴᠠ ᠪᠣᠯᠤᠭᠰᠠᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠬᠤ ᠶᠢᠨ | ᠲᠥᠯᠥᠭᠡ᠂ 4 ᠳ᠋ᠤᠭᠡᠷ ᠰᠠᠷ᠎ᠠ ᠶᠢᠨ 14 ᠤ ᠡᠳᠦᠷ᠂ ᠾᠧᠪᠸᠢ ᠮᠤᠵᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠶᠢ | ᠰᠡᠷᠭᠡᠶᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠠᠢ᠂ 2024 ᠣᠨ ᠤ 4 ᠳ᠋ᠤᠭᠡᠷ ᠰᠠᠷ᠎ᠠ ᠶᠢᠨ 16 ᠤ ᠡᠳᠦᠷ ᠠᠴᠠ 4 ᠳ᠋ᠤᠭᠡᠷ ᠰᠠᠷ᠎ᠠ ᠶᠢᠨ 30 ᠤ | ᠡᠳᠦᠷ ᠪᠣᠯᠲᠠᠯ᠎ᠠ ᠢᠳᠬᠠᠨ ᠬᠤᠷᠢᠭᠯᠠᠵᠤ ᠵᠢᠭᠰᠠᠭᠠᠨ ᠪᠠᠶᠢᠴᠠᠭᠠᠬᠤ ᠱᠠᠲᠤ ᠂ 5 ᠳ᠋ᠤᠭᠠᠷ ᠰᠠᠷ᠎ᠠ ᠶᠢᠨ 1 ᠤ ᠡᠳᠦᠷ ᠠᠴᠠ 11ᠳ᠋ᠤᠭᠡᠷ ᠰᠠᠷ᠎ᠠ ᠶᠢᠨ 30 ᠤ ᠡᠳᠦᠷ | ᠪᠣᠯᠲᠠᠯ᠎ᠠ ᠴᠡᠭᠴᠡᠯᠡᠨ ᠵᠠᠰᠠᠬᠤ ᠶᠢ ᠠᠬᠢᠭᠤᠯᠬᠤ ᠱᠠᠲᠤ ᠂ 12 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠱᠠᠲᠤ ᠪᠣᠯᠤᠨ᠎ᠠ ᠭᠡᠵᠦ ᠲᠣᠳᠣᠷᠬᠠᠶ ᠳᠤᠷᠠᠳᠤᠨ ᠭᠠᠷᠭᠠᠪᠠ᠃ ᠡᠨᠡ ᠠᠵᠢᠯ ᠢ ᠾᠧᠪᠸᠢ ᠶᠢᠨ ᠪᠦᠬᠦ ᠮᠤᠵᠢ ᠶᠢᠨ ᠬᠡᠪᠴᠢᠶᠡᠨ ᠳᠤ ᠥᠷᠨᠢᠭᠦᠯᠵᠦ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ ᠤᠷᠤᠭᠤᠯᠬᠤ︾ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠪᠣᠯᠤᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠣᠰ ᠭᠠᠷᠠᠭ ᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢᠨ ᠠᠵᠢᠯ ᠢ ᠡᠬᠢᠯᠡᠭᠦᠯᠦᠨ᠎ᠡ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ | ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠤᠨ᠂ ᠭᠡᠷᠡᠴᠢᠯᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠴᠠᠬᠢᠯᠭᠠᠨ ᠴᠡᠨᠡᠭᠯᠡᠬᠦ ᠵᠠᠷᠤᠳᠠᠯ ᠢ ᠵᠢᠷᠤᠮᠵᠢᠭᠤᠯᠤᠨ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ︽ᠠᠰᠠᠷ ᠲᠤ ᠤᠷᠤᠭᠤᠯᠬᠤ︾ ᠬᠦᠴᠢᠷ ᠠᠰᠠᠭᠤᠳᠠᠯ ᠢ ᠣᠯᠠᠨ ᠲᠠᠯ᠎ᠠ ᠪᠠᠷ ᠵᠡᠷᠭᠡ ᠪᠠᠷ ᠵᠠᠰᠠᠬᠤ ᠬᠡᠷᠡᠭᠲᠡᠢ᠃ | ᠡᠩ ᠲᠡᠷᠢᠭᠦᠨ ᠳᠤ᠂ ᠴᠡᠨᠡᠭ ᠤᠨ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠰᠡᠳᠦᠪ ᠲᠤᠭᠳᠠᠭᠠᠨ ᠲᠦᠷᠭᠡᠨ ᠨᠡᠶᠢᠲᠡᠯᠡᠵᠦ᠂ ᠲᠡᠳᠡᠭᠡᠷ | ᠶᠠᠰᠤ ᠴᠢᠨᠠᠷ ᠤᠨ ᠠᠮᠤᠷ ᠲᠦᠪᠰᠢᠨ ᠢ ᠴᠢᠬᠤᠯᠠᠴᠢᠯᠠᠬᠤ ᠦᠭᠡᠢ ᠠᠵᠤ ᠠᠬᠤᠶᠢᠯᠠᠯ ᠳᠤ ᠵᠠᠪᠰᠢᠶᠠᠨ ᠦᠭᠴᠦ ᠪᠤᠯᠬᠤ ᠦᠭᠡᠢ᠃ | ᠳᠠᠷᠠᠭᠠᠯᠠᠪᠠᠯ᠂ ᠬᠡᠷᠡᠭᠯᠡᠭᠴᠢᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠡᠷᠡᠭᠯᠡᠬᠦ ᠠᠷᠭ᠎ᠠ ᠶᠢ ᠴᠢᠩᠭ᠎ᠠ ᠵᠢᠷᠤᠮᠯᠠᠵᠤ᠂ ᠲᠣᠭᠲᠠᠭᠠᠯ ᠠᠴᠠ ᠵᠥᠷᠢᠴᠡᠨ | ᠥᠭᠡᠷᠡᠴᠢᠯᠡᠨ ᠤᠭᠰᠠᠷᠠᠵᠤ ᠪᠣᠯᠬᠤ ᠥᠬᠡᠶ᠂ ︽ᠠᠰᠠᠷ ᠲᠤ ᠤᠷᠤᠭᠤᠯᠵᠤ ︾ ᠴᠠᠬᠢᠯᠭᠠᠨ ᠴᠡᠨᠡᠭᠯᠡᠵᠦ ᠪᠤᠯᠬᠤ ᠦᠭᠡᠢ᠂ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ ᠰᠢᠯᠭᠠᠬᠤ ᠬᠡᠷᠡᠭᠲᠡᠶ᠃ | ᠡᠭᠦᠨ ᠠᠴᠠ ᠭᠠᠳᠠᠨ᠎ᠠ᠂ ᠰᠠᠭᠤᠭᠠᠯᠢ ᠠᠷᠠᠳ ᠤᠨ ᠲᠣᠭᠤᠷᠢᠭ ᠴᠤ ᠬᠠᠲᠠᠭᠤ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠵᠤᠭᠰᠤᠭᠠᠯ ᠤᠨ ᠲᠠᠯᠠᠪᠠᠢ ᠶᠢ ᠨᠡᠮᠡᠭᠳᠡᠭᠦᠯᠵᠦ᠂ ᠴᠠᠬᠢᠯᠭᠠᠨ ᠴᠡᠨᠡᠭᠯᠡᠬᠦ ᠬᠤᠯᠠᠭᠠᠶᠢᠴᠢ ᠶᠢ ᠰᠡᠷᠭᠡᠶᠢᠯᠡᠬᠦ ᠪᠡᠯᠡᠳᠬᠡᠮᠵᠢ ᠲᠣᠬᠢᠷᠠᠭᠤᠯᠵᠤ᠂ ᠬᠠᠤᠯᠢ ᠶᠣᠰᠣᠭᠠᠷ ᠵᠦᠶ | ᠵᠣᠬᠢᠰᠲᠠᠶ ᠰᠦᠢᠳᠬᠡᠯ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠰᠠᠷ ᠲᠤ ᠤᠷᠤᠭᠤᠯᠬᠤ ᠶᠢ ᠬᠤᠷᠢᠭᠯᠠᠨ᠎ᠠ᠃ | ᠶᠡᠷᠦᠩᠬᠡᠶᠢᠯᠡᠪᠡᠯ᠂ ᠭᠠᠭᠴᠠ ᠬᠦ ᠤᠯᠠᠨ ᠲᠠᠯ᠎ᠠ ᠶᠢᠨ ᠬᠢᠨ ᠬᠠᠮᠵᠢᠯᠴᠠᠨ ᠴᠢᠷᠮᠠᠶᠢᠪᠠᠯ ᠰᠠᠶ᠋ᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ︽ᠠᠰᠠᠷ ᠲᠤ | ᠤᠷᠤᠭᠤᠯᠬᠤ︾ ᠶᠢᠨ ᠠᠷᠬᠠᠭ ᠭᠡᠮ ᠢ ᠦᠨᠳᠦᠰᠦᠨ ᠠᠴᠠ ᠨᠢ ᠵᠠᠰᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ ᠴᠢᠳᠠᠨ᠎ᠠ᠃ | |