ᠦᠰᠦᠭ ᠪᠢᠴᠢᠭ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/7
    ᠪᠥᠬᠦ ᠣᠷᠣᠨ ᠤ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠤᠰᠠᠳᠠ᠂ ᠮᠠᠨ ᠤ ᠲᠢᠩᠬᠢᠮ ᠲᠦᠷᠦᠭᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠡ᠃ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ    ︽ᠲᠥᠷᠥ ᠶᠢᠨ ᠶᠠᠪᠤᠳᠠᠯ ᠤᠨ ᠬᠤᠷᠢᠶᠠᠨ ᠤ ︿ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠲᠠᠷᠬᠠᠭᠠᠭᠰᠠᠨ ﹇2024﹈ 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠠᠵᠢᠯ ᠢ ᠲᠦᠯᠬᠢᠨ ᠠᠬᠢᠭᠤᠯᠵᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠠᠶᠢᠭᠤᠯᠤᠯᠳᠠ ᠬᠤᠲᠠ ᠲᠣᠭᠲᠠᠭᠠᠯ ﹇2024﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠮᠠᠨ ᠤ ᠲᠢᠩᠬᠢᠮ ᠲᠦᠷᠦᠭᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠤᠭᠤᠷᠪᠢᠨ ᠳᠠᠷᠤᠮᠠᠯᠯᠠᠨ ᠲᠠᠷᠬᠠᠭᠠᠪᠠ᠃ᠬᠤᠶᠠᠷ᠂ ᠶᠡᠷᠦᠩᠬᠡᠢ ᠬᠠᠷᠠᠯᠲᠠ    ᠪᠥᠬᠦ ᠣᠷᠣᠨ ᠤ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠦᠭᠦᠭᠡᠷᠦᠮᠵᠢ ᠶᠢ ᠲᠥᠪᠯᠡᠷᠡᠭᠦᠯᠦᠨ ᠰᠢᠨᠡᠳᠬᠡᠬᠦ ᠦᠶᠡᠯᠡᠯ ᠤᠨ ᠬᠤᠭᠤᠴᠠᠭᠠᠨ ᠳᠤ ᠰᠢᠯᠵᠢᠵᠦ᠂ ᠲᠤᠳᠠᠭᠳᠠᠯ ᠪᠠᠭᠤᠷᠠᠢ ᠵᠦᠢᠯᠡᠰ ᠢ ᠳᠠᠷᠤᠶᠢᠬᠠᠨ ᠨᠥᠬᠦᠪᠦᠷᠢᠯᠡᠬᠦ ᠴᠢᠬᠤᠯᠠᠲᠠᠢ ᠪᠠᠶᠢᠬᠤ ᠵᠡᠷᠭᠡ ᠪᠣᠳᠠᠲᠤ ᠪᠠᠶᠢᠳᠠᠯ ᠠᠴᠠ ᠪᠣᠳᠣᠯᠬᠢᠯᠠᠨ᠂ ᠣᠷᠣᠨ ᠰᠠᠭᠤᠴᠠ ᠶᠢᠨ ᠴᠠᠬᠢᠯᠭᠠᠨ ᠱᠠᠲᠤ᠂ ᠤᠰᠤ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠠᠮᠢᠨ ᠰᠤᠳᠠᠰᠤᠨ ᠤ ᠢᠨᠵᠧᠨᠧᠷᠢᠩ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠪᠠᠷ ᠭᠤᠣᠯᠳᠠᠯᠭ᠎ᠠ ᠪᠣᠯᠭᠠᠵᠤ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠦᠭᠦᠭᠡᠷᠦᠮᠵᠢ ᠶᠢ ᠰᠢᠨᠡᠳᠬᠡᠬᠦ᠂ ᠮᠡᠷᠭᠡᠵᠢᠯ ᠢ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠤᠨ᠎ᠠ᠃ 2027 ᠣᠨ ᠪᠤᠯᠳᠠᠯ᠎ᠠ᠂ ᠮᠡᠷᠭᠡᠵᠢᠯ ᠬᠤᠴᠤᠷᠤᠩᠭᠤᠢ᠂ ᠬᠤᠯᠪᠣᠭᠳᠠᠯ ᠪᠦᠬᠦᠢ ᠪᠠᠷᠢᠮᠵᠢᠶ᠎ᠠ ᠵᠢᠷᠤᠮᠵᠢᠯ ᠳᠤ ᠥᠯᠥ ᠨᠡᠶᠢᠴᠡᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠨᠢ ᠪᠠᠷᠢᠮᠵᠢᠶ᠎ᠠ ᠳᠤ ᠥᠯᠥ ᠬᠦᠷᠬᠦ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠲᠥᠬᠦᠭᠡᠷᠦᠮᠵᠢ ᠶᠢ ᠲᠥᠯᠥᠪᠯᠡᠭᠡ ᠶᠣᠰᠣᠭᠠᠷ ᠰᠢᠨᠡᠳᠬᠡᠨ ᠥᠭᠡᠷᠡᠴᠢᠯᠡᠬᠦ ᠶᠢ ᠪᠡᠶᠡᠯᠡᠭᠦᠯᠦᠨ᠎ᠡ᠃ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ    ︵ᠨᠢᠭᠡ︶ ᠪᠦᠬᠦ ᠣᠷᠣᠨ ᠤ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯ ᠤᠨ 10 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠲᠤᠳᠤᠷᠬᠠᠶᠢᠯᠠᠵᠠᠢ᠂ ᠲᠣᠰ ᠲᠣᠰ᠄ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠬᠦ᠂ ᠨᠢᠭᠡᠨᠲᠡ ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ᠂ ᠤᠰᠤ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ᠂ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ᠂ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ᠂ ᠰᠢᠩᠭᠡᠨᠵᠢᠮᠡᠯ ᠴᠢᠯᠠᠭᠤᠨ ᠲᠣᠰᠣᠨ ᠤ ᠬᠡᠢ ᠴᠡᠨᠡᠭᠯᠡᠬᠦ ᠥᠷᠲᠡᠭᠡ ᠶᠢᠨ ᠪᠠᠷᠢᠮᠵᠢᠶᠠᠵᠢᠭᠤᠯᠤᠨ ᠰᠢᠨᠡᠳᠬᠡᠬᠦ ᠪᠦᠲᠦᠭᠡᠨ ᠪᠠᠶᠢᠭᠤᠯᠤᠯᠲᠠ᠂ ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ᠂ ᠪᠠᠷᠢᠯᠭ᠎ᠠ ᠪᠠᠷᠢᠬᠤ ᠲᠥᠬᠦᠭᠡᠷᠦᠮᠵᠢ ᠶᠢ ᠰᠢᠨᠡᠳᠬᠡᠬᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃    ︵ᠬᠤᠶᠠᠷ︶ ᠬᠤᠲᠠ ᠶᠢᠨ ᠰᠢᠨᠡᠴᠢᠯᠡᠯᠳᠡ᠂ ᠬᠠᠭᠤᠴᠢᠨ  ᠰᠠᠭᠤᠭᠠᠯᠢ ᠠᠷᠠᠳ ᠤᠨ   ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠬᠤ ᠲᠠᠢ ᠤᠶᠠᠯᠳᠤᠭᠤᠯᠤᠨ᠂ ᠨᠠᠰᠤᠵᠢᠯᠲᠠ ᠶᠢᠨ ᠬᠡᠷᠡᠭᠴᠡᠭᠡ ᠳᠤ ᠵᠣᠬᠢᠴᠠᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠳᠤᠷᠠᠳᠤᠨ ᠭᠠᠷᠭᠠᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠯᠠᠪᠳᠠᠭᠤᠨ ᠢᠶᠠᠷ ᠠᠬᠢᠭᠤᠯᠤᠨ᠂ ᠵᠠᠰᠠᠭ ᠤᠨ ᠣᠷᠳᠣᠨ ᠠᠴᠠ ᠳᠡᠮᠵᠢᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠥᠮᠴᠢᠲᠡᠨ ᠥᠪᠡᠷ ᠢᠶᠠᠨ ᠴᠤᠭᠯᠠᠭᠤᠯᠬᠤ᠂ ᠠᠰᠢᠭ ᠲᠤᠰᠠ ᠶᠢ ᠬᠠᠮᠲᠤᠪᠠᠷ ᠭᠥᠷᠳᠡᠬᠦ ᠪᠡᠯᠡ ᠮᠥᠩᠭᠦ ᠴᠤᠭᠯᠠᠭᠤᠯᠬᠤ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠠᠰᠢᠭᠯᠠᠯᠲᠠ ᠳᠤ ᠣᠷᠣᠭᠤᠯᠤᠭᠰᠠᠨ ᠴᠠᠭ ᠨᠢ 15 ᠵᠢᠯ ᠠᠴᠠ ᠬᠡᠲᠦᠷᠡᠭᠰᠡᠨ᠂ ᠲᠣᠬᠢᠷᠠᠭᠤᠯᠤᠯᠲᠠ ᠶᠢᠨ ᠬᠢᠷᠢ ᠲᠦᠪᠰᠢᠨ ᠳᠣᠣᠷ᠎ᠠ᠂ ᠠᠵᠢᠯᠯᠠᠭᠠᠨ ᠤ ᠰᠠᠭᠠᠳ ᠲᠣᠳᠬᠠᠷ ᠤᠨ ᠨᠣᠷᠮ᠎ᠠ ᠥᠨᠳᠥᠷ᠂ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ᠂ ᠣᠯᠠᠨ ᠲᠦᠮᠡᠨ ᠤ ᠰᠢᠨᠡᠳᠬᠡᠬᠦ ᠬᠦᠰᠡᠯ ᠢᠶᠠᠷ ᠴᠢᠩᠭ᠎ᠠ ᠣᠷᠣᠨ ᠰᠠᠭᠤᠴᠠ ᠶᠢᠨ ᠴᠠᠬᠢᠯᠭᠠᠨ ᠱᠠᠲᠤ ᠳᠤ᠂ ᠪᠠᠶᠢᠳᠠᠯ ᠢ ᠣᠶᠢᠯᠠᠭᠠᠬᠤ ᠦᠨᠡᠯᠡᠨ ᠵᠢᠱᠢᠯᠲᠡ ᠬᠢᠵᠦ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠤᠶᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠲᠠᠢ ᠤᠶᠠᠯᠳᠤᠭᠤᠯᠤᠨ ᠰᠢᠨᠡᠳᠬᠡᠬᠦ᠂ ᠥᠭᠡᠷᠡᠴᠢᠯᠡᠬᠦ ᠪᠤᠶᠤ ᠶᠡᠭᠡ ᠪᠠᠷ ᠵᠠᠰᠠᠬᠤ ᠲᠥᠯᠥᠪᠯᠡᠭᠡ ᠪᠠ ᠪᠣᠳᠠᠲᠠᠢ ᠰᠢᠨᠡᠳᠬᠡᠬᠦ ᠲᠤᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠦᠷᠢ ᠶᠢ ᠢᠳᠡᠪᠬᠢᠲᠡᠢ ᠪᠠᠷ ᠲᠡᠮᠡᠴᠡᠨ ᠣᠯᠵᠤ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃    ︵ᠭᠤᠷᠪᠠ︶ ᠬᠤᠲᠠ ᠪᠠᠯᠭᠠᠰᠤ ᠶᠢᠨ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠤᠨ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠨᠡᠭᠦᠷᠡᠰᠦ ᠰᠢᠲᠠᠭᠠᠬᠤ ᠭᠦᠸᠧᠯᠦ᠂ ᠢᠯᠴᠢ ᠰᠣᠯᠢᠯᠴᠠᠭᠤᠷ ᠵᠡᠷᠭᠡ ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠬᠤ ᠦᠨᠡᠯᠡᠨ ᠵᠢᠱᠢᠯᠲᠡ ᠬᠢᠵᠦ᠂ ᠬᠦᠨᠳᠦ ᠬᠥᠩᠭᠡᠨ ᠠᠯᠭᠤᠷ ᠪᠠᠴᠢᠮ ᠢᠶᠠᠷ ᠪᠦᠬᠦᠨ ᠢ ᠰᠢᠨᠡᠳᠬᠡᠨ ᠥᠭᠡᠷᠡᠴᠢᠯᠡᠬᠦ ᠲᠥᠯᠥᠪᠯᠡᠭᠡ ᠳᠤ ᠵᠢᠭᠰᠠᠭᠠᠨ ᠣᠷᠣᠭᠤᠯᠵᠤ᠂ 2027 ᠣᠨ ᠤ ᠵᠢᠯ ᠤᠨ ᠰᠡᠭᠦᠯᠴᠢ ᠠᠴᠠ ᠡᠮᠦᠨ᠎ᠡ ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃     ᠲᠠᠶᠢᠯᠤᠮᠵᠢ ᠬᠢᠭᠴᠢ᠄ ᠬᠤᠸᠠᠩ ᠯᠢᠩ ᠱᠦᠸᠧ᠂ ᠬᠠᠷᠢᠯᠴᠠᠬᠤ ᠤᠲᠠᠰᠤ᠄ 6944798 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ