ᠪᠦᠲᠦᠭᠡᠨ ᠪᠠᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠢᠯᠠᠯ ᠤᠨ ᠬᠢᠷᠢ ᠭᠡᠮ ᠤᠨ ᠦᠨᠡᠮᠯᠡᠯ ᠰᠣᠯᠢᠬᠤ ᠬᠤᠯᠪᠣᠭᠳᠠᠯ ᠪᠦᠬᠦᠢ ᠠᠰᠠᠭᠤᠳᠠᠯ ︵ᠭᠤᠷᠪᠠ︶︶ ︵2024 ᠣᠨ ᠤ ᠳᠥᠷᠪᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2024/6/1
    ᠠᠰᠠᠭᠠᠯᠲᠠ 1᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠵᠤ ᠠᠬᠤᠶᠢᠯᠠᠯ ᠤᠨ ᠦᠨᠡᠮᠯᠡᠯ ᠰᠣᠯᠢᠬᠤ ᠭᠤᠶᠤᠴᠢᠯᠠᠯ ᠢ ᠪᠤᠴᠠᠭᠠᠭᠰᠠᠨ ᠤ ᠰᠢᠯᠳᠠᠭᠠᠨ ᠨᠢ ᠶᠠᠭᠤ ᠪᠣᠶ︖    ᠨᠡᠪᠲᠡᠷᠡᠯᠴᠡᠬᠦ ᠪᠠᠷ ᠳᠠᠮᠵᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠦᠨᠡᠮᠯᠡᠯ ᠰᠣᠯᠢᠬᠤ ᠭᠤᠶᠤᠴᠢᠯᠠᠯ ᠢ ᠲᠦᠷ ᠪᠤᠴᠠᠭᠠᠨ ᠥᠭᠴᠦ᠂ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠢ ᠪᠦᠷᠢᠯᠳᠦᠭᠦᠯᠦᠭᠰᠡᠨ ᠤ ᠳᠠᠷᠠᠭ᠎ᠠ ᠠᠵᠤ ᠠᠬᠤᠶᠢᠯᠠᠯ ᠠᠴᠠ ᠦᠨᠡᠮᠯᠡᠯ ᠰᠣᠯᠢᠬᠤ ᠭᠤᠶᠤᠴᠢᠯᠠᠯ ᠢᠶᠠᠨ ᠳᠠᠬᠢᠨ ᠲᠤᠰᠢᠶᠠᠨ᠎ᠠ᠂ ᠠᠵᠤ ᠠᠬᠤᠶᠢᠯᠠᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠮᠡᠳᠡᠭᠳᠡᠯ ᠪᠤᠶᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠬᠦ ᠪᠠᠶᠢᠩᠭᠤ ᠲᠣᠬᠢᠶᠠᠯᠳᠤᠬᠤ ᠠᠰᠠᠭᠤᠳᠠᠯ ᠢ ᠴᠠᠭ ᠲᠤᠬᠠᠢ ᠳᠤ ᠨᠢ ᠠᠩᠬᠠᠷᠤᠭᠠᠷᠠᠢ᠃     ᠠᠰᠠᠭᠠᠯᠲᠠ 2᠄ ᠦᠨᠡᠮᠯᠡᠯ ᠰᠣᠯᠢᠭᠰᠠᠨ ᠤ ᠳᠠᠷᠠᠭᠠᠬᠢ ᠬᠢᠷᠢ ᠬᠡᠮ ᠤᠨ ᠮᠡᠳᠡᠭᠡ ᠵᠠᠩᠭᠢ ᠨᠢ ᠶᠠᠭᠠᠬᠢᠭᠠᠳ ᠪᠥᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠢᠯᠡᠷᠡᠭᠦᠯᠬᠦ ᠥᠬᠡᠶ ᠪᠣᠶ︖    ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠢᠯᠭᠠᠬᠤ ᠶᠢᠨ ᠲᠥᠯᠥᠭᠡ᠂ ᠦᠨᠡᠮᠯᠡᠯ ᠢ ᠰᠣᠯᠢᠵᠤ ᠣᠯᠭᠤᠭᠰᠠᠨ ᠤ ᠳᠠᠷᠠᠭ᠎ᠠ ᠦᠨᠡᠮᠯᠡᠯ ᠤᠨ ᠳ᠋ᠤᠭᠠᠷ ᠢ ᠬᠤᠪᠢᠷᠠᠭᠤᠯᠬᠤ ᠦᠭᠡᠢ ︵D3 ᠪᠠᠷ ᠡᠬᠢᠯᠡᠨ᠎ᠡ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠲᠤᠭ᠎ᠠ ᠪᠠᠷᠢᠮᠲᠠ ᠬᠦᠷᠭᠡᠬᠦ ᠳᠦᠷᠢᠮ ᠶᠣᠰᠣᠭᠠᠷ᠂ ᠦᠨᠡᠮᠯᠡᠯ ᠰᠣᠯᠢᠭᠰᠠᠨ ᠤ ᠳᠠᠷᠠᠭᠠᠬᠢ ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠯᠲᠠ᠂ ᠲᠤᠰᠬᠠᠢ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠬᠡᠮ ᠢ ᠪᠥᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠲᠦᠷ ᠬᠦᠷᠭᠡᠬᠦ ᠶᠢᠨ ᠠᠷᠭ᠎ᠠ ᠦᠭᠡᠢ ᠪᠣᠯᠵᠤ᠂ ᠬᠦᠷᠭᠡᠬᠦ ᠪᠠᠷᠢᠮᠵᠢᠶ᠎ᠠ ᠶᠢ ᠲᠣᠬᠢᠷᠠᠭᠤᠯᠤᠭᠰᠠᠨ ᠤ ᠳᠠᠷᠠᠭ᠎ᠠ ᠳᠠᠷᠤᠢ ᠬᠡᠪ ᠤᠨ ᠪᠠᠶᠢᠳᠠᠯ ᠢᠶᠠᠷ ᠢᠯᠡᠷᠡᠨ᠎ᠡ᠃     ᠠᠰᠠᠭᠠᠯᠲᠠ 3᠄ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠨᠢ 1 ᠵᠢᠯ ᠤᠨ ᠬᠤᠭᠤᠴᠠᠭ᠎ᠠ ᠲᠠᠢ ᠬᠢᠷᠢ ᠬᠡᠮ ᠤᠨ ᠦᠨᠡᠮᠯᠡᠯ ᠰᠣᠯᠢᠵᠤ ᠠᠪᠤᠭᠰᠠᠨ ᠤ ᠳᠠᠷᠠᠭ᠎ᠠ ᠬᠡᠷᠬᠢᠨ 5 ᠵᠢᠯ ᠤᠨ ᠬᠦᠴᠦᠨ ᠲᠠᠢ ᠬᠢᠷᠢ ᠬᠡᠮ ᠤᠨ ᠦᠨᠡᠮᠯᠡᠯ ᠢ ᠤᠯᠬᠤ ᠪᠣᠶ︖    ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ 1 ᠵᠢᠯ ᠤᠨ ᠬᠦᠴᠦᠨ ᠲᠠᠢ ᠬᠤᠭᠤᠴᠠᠭ᠎ᠠ ᠲᠠᠢ ᠬᠢᠷᠢ ᠬᠡᠮ ᠤᠨ ᠦᠨᠡᠮᠯᠡᠯ ᠢᠶᠠᠨ ᠰᠣᠯᠢᠵᠤ ᠠᠪᠤᠭᠰᠠᠨ ᠤ ᠳᠠᠷᠠᠭ᠎ᠠ᠂ ᠲᠦᠷᠦᠯ ᠵᠦᠢᠯ ᠨᠡᠮᠡᠬᠦ ᠪᠠᠷ ᠳᠠᠮᠵᠢᠭᠤᠯᠤᠨ ᠠᠳᠠᠯᠢ ᠲᠥᠷᠥᠯ ᠤᠨ ᠬᠢᠷᠢ ᠬᠡᠮ ᠢ ᠭᠤᠶᠤᠴᠢᠯᠠᠵᠤ ᠪᠣᠯᠬᠤ ᠦᠭᠡᠶ᠂ ᠬᠤᠯᠪᠣᠭᠳᠠᠯ ᠪᠦᠬᠦᠢ ᠬᠢᠷᠢ ᠭᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠭᠡᠮ ᠤᠨ ᠪᠠᠷᠢᠮᠵᠢᠶ᠎ᠠ ᠶᠣᠰᠣᠭᠠᠷ ᠦᠷᠭᠦᠯᠵᠢᠯᠡᠭᠦᠯᠬᠦ ᠪᠠᠷ ᠭᠤᠶᠤᠴᠢᠯᠠᠵᠤ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ 5 ᠵᠢᠯ ᠤᠨ ᠬᠦᠴᠦᠨ ᠲᠠᠢ ᠪᠦᠬᠦᠢ ᠬᠢᠷᠢ ᠭᠡᠮ ᠤᠨ ᠦᠨᠡᠮᠯᠡᠯ ᠤᠯᠭᠤᠨ᠎ᠠ᠃    ᠠᠩᠬᠠᠷ᠄ ᠦᠨᠡᠮᠯᠡᠯ ᠰᠤᠯᠢᠭᠰᠠᠨ ᠤ ᠳᠠᠷᠠᠭ᠎ᠠ ᠦᠷᠭᠦᠯᠵᠢᠯᠡᠭᠦᠯᠬᠦ ᠪᠠ ᠲᠦᠷᠦᠯ ᠵᠦᠢᠯ ᠨᠡᠮᠡᠬᠦ ᠱᠠᠭᠠᠷᠳᠠᠯᠭ᠎ᠠ ᠨᠢ ᠦᠨᠳᠦᠰᠦᠨ ᠳᠡᠭᠡᠨ ᠨᠢᠭᠡᠳᠦᠯᠲᠡᠢ᠃     ᠠᠰᠠᠭᠠᠯᠲᠠ 4᠄ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠦᠨᠡᠮᠯᠡᠯ ᠰᠣᠯᠢᠬᠤ ᠭᠤᠶᠤᠴᠢᠯᠠᠯ ᠢᠶᠠᠨ ᠲᠤᠰᠢᠶᠠᠪᠠᠯ ᠪᠠᠰᠠ ᠦᠨᠡᠮᠯᠡᠯ ᠰᠣᠯᠢᠵᠤ ᠪᠣᠯᠤᠨ᠎ᠠ ᠤᠤ︖    ᠪᠣᠯᠬᠤ ᠦᠭᠡᠢ᠃ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠵᠣᠬᠢᠴᠠᠩᠭᠤᠶ ᠬᠢᠷᠢ ᠭᠡᠮ ᠤᠨ ᠦᠨᠡᠮᠯᠡᠯ ᠢ ᠰᠣᠯᠢᠵᠤ ᠠᠪᠬᠤ ᠪᠠᠷ ᠭᠤᠶᠤᠴᠢᠯᠠᠭᠰᠠᠨ ᠦᠭᠡᠶ ᠪᠣᠯ ᠬᠤᠭᠤᠴᠠᠭ᠎ᠠ ᠦᠩᠭᠡᠷᠡᠪᠡᠯ ᠠᠶᠠᠨᠳᠠᠭᠠᠨ ᠬᠦᠴᠦᠨ ᠦᠭᠡᠶ ᠪᠣᠯᠤᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ