ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/14
    6 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠷᠠᠯ ᠠᠴᠠ ᠪᠥᠬᠦ ᠣᠷᠣᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠡᠰᠡᠭ ᠠᠶᠢᠮᠠᠭ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ︽ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ︾ ᠪᠠᠶᠢᠬᠤ ᠠᠰᠠᠭᠤᠳᠠᠯ᠂ ᠰᠢᠲᠠᠮᠠᠬᠠᠶ ᠬᠡᠶ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠭᠠᠯ ᠤᠨᠲᠠᠷᠠᠭᠠᠬᠤ ᠠᠵᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ᠂ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠵᠡᠷᠭᠡ ᠠᠵᠢᠯ ᠤᠨ ᠲᠣᠭᠤᠷᠢᠨ ᠳᠤ ᠲᠣᠰ ᠲᠣᠰ ᠲᠤᠷᠰᠢᠯᠭ᠎ᠠ ᠪᠠᠨ ᠰᠣᠯᠢᠯᠴᠠᠬᠤ ᠪᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
W020240614350181307066.png
    ᠬᠤᠷᠠᠯ ᠠᠴᠠ ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠥᠬᠦ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠵᠠᠰᠠᠬᠤ ᠠᠵᠢᠯ ᠢ ᠦᠨᠡᠨᠬᠦ ᠪᠤᠳᠠᠳᠠᠢ ᠥᠷᠨᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠪᠠ ᠭᠡᠵᠤ ᠵᠢᠭᠠᠨ ᠭᠠᠷᠭᠠᠪᠠ᠃    ᠬᠤᠷᠠᠯ ᠠᠴᠠ᠂ ᠭᠡᠷ ᠪᠠᠶᠢᠰᠢᠩ ᠭᠠᠵᠠᠷ ᠬᠦᠷᠦᠩᠭᠡ ᠶᠢᠨ ︽ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ︾ ᠪᠠᠶᠢᠬᠤ ᠠᠰᠠᠭᠤᠳᠠᠯ ᠪᠣᠯ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠭᠠᠵᠠᠷ ᠣᠷᠣᠨ ᠡᠷᠬᠡᠪᠰᠢ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠂ ᠶᠡᠷᠦᠩᠬᠡᠢ ᠰᠡᠳᠬᠢᠴᠡ ᠪᠣᠯ ︽ᠬᠤᠶᠠᠷ ᠲᠠᠯ᠎ᠠ︾ ᠶᠢ ᠴᠢᠬᠤᠯᠠᠴᠢᠯᠠᠬᠤ ᠶᠠᠪᠤᠳᠠᠯ ᠪᠣᠯᠤᠨ᠎ᠠ᠃ ︽ᠨᠢᠭᠡ ᠲᠠᠯ᠎ᠠ︾ ᠨᠢ ᠠᠶᠤᠯ ᠲᠠᠢ ᠬᠡᠷ ᠪᠠᠶᠢᠰᠢᠩ ᠤᠨ ᠠᠵᠤ ᠠᠬᠤᠶᠢᠯᠠᠯ ᠢ ᠴᠢᠬᠤᠯᠠᠴᠢᠯᠠᠵᠦ᠂ ᠠᠵᠤ ᠠᠬᠤᠶᠢᠯᠠᠯ ᠢ ᠬᠠᠪᠰᠤᠷᠤᠨ ᠥᠪᠡᠷ ᠢ ᠪᠠᠨ ᠠᠪᠤᠷᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠪᠠᠳᠤᠯᠠᠭᠠᠳᠤ ᠲᠤᠰᠢᠶᠠᠬᠤ ᠬᠡᠷ ᠪᠠᠶᠢᠰᠢᠩ ᠤᠨ ᠠᠵᠢᠯ ᠢ ᠰᠠᠶᠢᠲᠤᠷ ᠬᠢᠨ᠎ᠡ︔ ᠪᠠᠰᠠ ︽ᠨᠢᠭᠡ ᠲᠠᠯ᠎ᠠ︾ ᠨᠢ ᠴᠢᠨᠠᠷ ᠰᠠᠶᠢᠲᠠᠶ ᠬᠡᠷ ᠪᠠᠶᠢᠰᠢᠩ ᠤᠨ ᠠᠵᠤ ᠠᠬᠤᠶᠢᠯᠠᠯ ᠢ ᠴᠢᠬᠤᠯᠠᠴᠢᠯᠠᠵᠦ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠶᠢ ᠪᠠᠳᠤᠯᠠᠨ᠎ᠠ᠃ ᠬᠠᠳᠠᠭᠠᠯᠠᠯᠲᠠ ᠶᠢᠨ ᠬᠡᠮᠵᠢᠶ᠎ᠡ ᠶᠢ ᠬᠦᠴᠦᠯᠡᠨ ᠪᠠᠭᠠᠰᠬᠠᠵᠤ᠂ ᠲᠤᠰ ᠭᠠᠵᠠᠷ ᠣᠷᠣᠨ ᠤ ᠪᠠᠳᠤᠯᠠᠭᠠᠳᠤ ᠲᠤᠰᠢᠶᠠᠬᠤ ᠬᠡᠷ ᠪᠠᠶᠢᠰᠢᠩ᠂ ᠰᠤᠯᠠ ᠪᠠᠶᠢᠬᠤ ᠭᠠᠵᠠᠷ ᠰᠢᠷᠣᠶ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠪᠦᠬᠦᠨ ᠢ ᠲᠠᠸᠠᠷ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠪᠠᠳᠤᠯᠠᠭᠠᠳᠤ ᠲᠤᠰᠢᠶᠠᠬᠤ ᠬᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠰᠢᠢᠳᠪᠦᠷᠢᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃ ᠨᠡᠮᠡᠭᠳᠡᠯ ᠢ ᠬᠦᠴᠦᠯᠡᠨ ᠬᠤᠷᠢᠭᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠠᠵᠤ ᠠᠬᠤᠶᠢᠯᠠᠯ ᠤᠨ ᠥᠪᠡᠷ ᠢ ᠪᠠᠨ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠠᠳᠤᠯᠠᠭᠠᠳᠤ ᠲᠤᠰᠢᠶᠠᠬᠤ ᠠᠰᠠᠷ ᠤᠨ ᠲᠥᠷᠥᠯ ᠵᠦᠢᠯ ᠢ ᠲᠤᠰᠢᠶᠠᠨ ᠥᠭᠬᠦ ᠪᠠᠷ ᠳᠠᠮᠵᠢᠭᠤᠯᠤᠨ ᠨᠢᠭᠡ ᠪᠦᠯᠦᠭ ︽ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠴᠤ ᠲᠤᠰᠢᠶᠠᠨ ᠥᠭᠬᠦ ᠶᠢ ᠪᠠᠲᠤᠯᠠᠬᠤ ᠬᠡᠷᠡᠭᠲᠡᠶ᠃ ᠪᠡᠯᠡᠨ ᠬᠡᠷ ᠪᠠᠶᠢᠰᠢᠩ ᠪᠣᠷᠣᠯᠠᠭᠤᠯᠬᠤ ᠲᠤᠷᠰᠢᠯᠲᠠ ᠶᠢᠨ ᠴᠡᠭ ᠤᠨ ᠠᠶᠢᠮᠠᠭ ᠬᠤᠲᠠ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠵᠣᠷᠢᠭᠲᠠᠶ ᠪᠠᠷ ᠬᠢᠵᠦ ᠵᠣᠷᠢᠭᠲᠠᠶ ᠲᠤᠷᠰᠢᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠨ ᠭᠠᠵᠠᠷ ᠰᠢᠷᠣᠶ᠂ ᠲᠦᠯᠦᠪᠵᠢᠭᠦᠯᠭᠡ ᠂ ᠬᠢᠨᠠᠨ ᠵᠦᠪᠰᠢᠶᠡᠷᠡᠯ᠂ ᠪᠥᠲᠥᠭᠡᠨ ᠪᠠᠶᠢᠭᠤᠯᠤᠯᠳᠠ᠂ ᠮᠥᠩᠭᠦᠨ ᠭᠦᠢᠯᠭᠡᠭᠡ ᠵᠡᠷᠭᠡ ᠬᠦᠷᠢᠶᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡᠨ ᠬᠡᠷ ᠪᠠᠶᠢᠰᠢᠩ ᠪᠣᠷᠣᠯᠠᠭᠤᠯᠬᠤ ᠲᠤᠷᠰᠢᠯᠭ᠎ᠠ ᠶᠢ ᠬᠠᠶᠢᠨ ᠰᠦᠪᠡᠭᠴᠢᠯᠡᠵᠦ᠂ ᠬᠤᠭᠤᠴᠠᠭ᠎ᠠ ᠠᠴᠠ ᠬᠡᠲᠦᠷᠡᠲᠡᠯ᠎ᠡ ᠡᠰᠡ ᠲᠤᠰᠢᠶᠠᠬᠤ ᠲᠦᠭᠰᠢᠭᠦᠷᠢ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠶ ᠭᠡᠵᠤ ᠴᠢᠬᠤᠯᠠᠴᠢᠯᠠᠪᠠ᠃    ᠬᠤᠷᠠᠯ ᠠᠴᠠ᠂ ᠡᠯ᠎ᠡ ᠭᠠᠵᠠᠷ ᠣᠷᠣᠨ ᠤᠯᠤᠰ ᠲᠦᠷᠦ ᠶᠢ ᠡᠷᠬᠢᠮᠯᠡᠬᠦ᠂ ᠲᠣᠭᠲᠠᠭᠤᠨ ᠢ ᠪᠠᠲᠤᠯᠠᠬᠤ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠡᠭᠦᠰᠴᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠲᠦᠭᠵᠢᠷᠡᠯ ᠢ ᠨᠡᠪᠲᠡᠷᠡᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠤᠯᠤᠰ ᠤᠨ ᠪᠠᠷᠢᠮᠵᠢᠶ᠎ᠠ ᠪᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠦᠢᠯ ᠳᠠᠷᠠᠭᠠᠯᠠᠨ ᠡᠮᠬᠢᠯᠡᠵᠦ᠂ ᠳᠠᠯᠳᠠ ᠭᠡᠮ ᠲᠠᠢ ᠠᠰᠠᠭᠤᠳᠠᠯ ᠲᠠᠢ ᠬᠤᠭᠤᠯᠠᠶ ᠲᠤᠤᠷ ᠤᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠬᠤ ᠬᠡᠷᠡᠭᠲᠡᠶ᠃ ᠵᠢᠭᠰᠠᠭᠠᠨ ᠪᠠᠶᠢᠴᠠᠭᠠᠵᠤ ᠦᠨᠡᠯᠡᠨ ᠵᠢᠱᠢᠬᠦ ᠳᠤᠮᠳᠠ ᠣᠷᠣᠰᠢᠵᠤ ᠪᠠᠶᠢᠭ᠎ᠠ ᠰᠢᠨᠵᠢ ᠴᠢᠨᠠᠷ ᠢᠶᠠᠷ ᠬᠦᠨᠳᠦ ᠨᠣᠴᠢᠲᠠᠶ᠂ ᠪᠠᠶᠢᠳᠠᠯ ᠪᠠᠴᠢᠮ ᠳᠠᠯᠳᠠ ᠭᠡᠮ ᠤᠨ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠤ ᠴᠢᠬᠤᠯᠠᠴᠢᠯᠠᠪᠠ ᠃    ᠬᠤᠷᠠᠯ ᠠᠴᠠ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠲᠦᠭᠡᠨ ᠪᠠᠶᠢᠭᠤᠯᠤᠯᠳᠠ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠭᠠᠯ ᠤᠨᠲᠠᠷᠠᠭᠠᠬᠤ ᠬᠢᠨᠠᠨ ᠰᠢᠯᠭᠠᠬᠤ ᠭᠠᠷᠳᠠᠮ ᠢ ᠭᠤᠶᠤᠴᠢᠯᠠᠨ ᠭᠦᠢᠴᠡᠳᠬᠡᠯᠭᠡᠬᠦ ᠪᠠ ᠦᠨᠡᠯᠡᠨ ᠵᠢᠱᠢᠵᠦ ᠬᠢᠨᠠᠨ ᠵᠦᠪᠰᠢᠶᠡᠷᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠨᠠᠷᠢᠯᠢᠬᠵᠢᠭᠤᠯᠬᠤ ᠬᠡᠷᠡᠭᠲᠡᠶ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠤᠨ ᠴᠡᠭᠴᠡᠯᠡᠨ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠶᠢᠨ ᠬᠠᠮᠲᠤ ᠬᠠᠨᠳᠤᠯᠭᠠᠲᠤ ᠴᠢᠨᠠᠷᠲᠠᠢ ᠪᠠᠷ ᠠᠵᠢᠯ ᠤᠨ ᠰᠠᠨᠠᠭᠤᠯᠭ᠎ᠠ ᠳᠤᠷᠠᠳᠴᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ᠂ ᠠᠳᠠᠯᠢ ᠰᠡᠳᠦᠪ ᠢ ᠬᠠᠮᠲᠤᠪᠠᠷ ᠬᠠᠷᠢᠭᠤᠯᠬᠤ ᠰᠠᠶᠢᠨ ᠰᠠᠶᠢᠬᠠᠨ ᠪᠠᠶᠢᠳᠠᠯ ᠢ ᠦᠨᠡᠨᠬᠦ ᠪᠤᠢ ᠪᠣᠯᠭᠠᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠤᠯᠪᠠᠰᠤᠷᠠᠯ  ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠢᠭᠡᠳᠦᠭᠡᠷ ᠹᠷᠣᠨᠲ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠡᠭᠦᠨ ᠤ ᠬᠠᠮᠲᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠂ ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ ᠤᠨ ᠨᠡᠶᠢᠭᠡᠮᠯᠢᠭ ᠵᠡᠷᠭᠡ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠮᠡᠷᠭᠡᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ ᠃    ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠰᠢᠰᠲ᠋ᠧᠮ ᠲᠠᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ︽ᠲᠤᠯᠠᠭᠠᠯᠭ᠎ᠠ ᠶᠢᠨ ᠢᠨᠵᠧᠨᠧᠷᠢᠩ︾ ᠢ ᠤᠯᠠᠨ ᠲᠦᠮᠡᠨ ᠬᠠᠨᠤᠮᠵᠢᠲᠠᠢ ᠂ ᠨᠡᠶᠢᠭᠡᠮ ᠨᠡᠶᠢᠲᠡ ᠪᠠᠷ ᠢᠶᠠᠨ ᠮᠡᠳᠡᠷᠡᠭᠰᠡᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃ ᠠᠵᠢᠯ ᠢᠶᠠᠨ ᠬᠠᠨᠳᠤᠯᠭᠠᠲᠤ ᠴᠢᠨᠠᠷᠲᠠᠶ ᠪᠠᠷ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ᠂ ᠢᠯᠴᠢ ᠬᠠᠩᠭᠠᠬᠤ ᠠᠵᠤ ᠠᠬᠤᠶᠢᠯᠠᠯ᠂ ᠰᠠᠭᠤᠭᠠᠯᠢ ᠠᠷᠠᠳ ᠤᠨ ᠡᠯ᠎ᠡ ᠲᠠᠯ᠎ᠠ ᠶᠢᠨ ᠬᠢᠨ ᠤ ᠪᠠᠯᠠ ᠤᠷᠤᠭᠤᠯᠤᠯᠳᠠ ᠶᠢᠨ ᠬᠠᠷᠢᠭᠤᠴᠠᠯᠭ᠎ᠠ ᠶᠢ ᠲᠣᠳᠣᠷᠬᠠᠶ ᠪᠣᠯᠭᠠᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢᠨ ᠴᠢᠭᠯᠡᠯ ᠢ ᠣᠶᠢᠯᠠᠭᠠᠵᠤ᠂ ᠲᠦᠷᠦᠯ ᠵᠦᠢᠯ ᠤᠨ ᠣᠷᠣᠨ ᠲᠤᠭ᠎ᠠ ᠪᠠ ᠪᠡᠯᠡ ᠮᠥᠩᠭᠦ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠢᠶᠠᠨ ᠰᠢᠰᠲ᠋ᠧᠮ ᠲᠠᠢ ᠪᠠᠷ ᠠᠬᠢᠭᠤᠯᠵᠤ᠂ ᠢᠯᠴᠢ ᠶᠢᠨ ᠢᠷᠡᠯᠲᠡ᠂ ᠬᠤᠭᠤᠯᠠᠶ ᠲᠣᠤᠷ᠂ ᠢᠯᠴᠢ ᠶᠢᠨ ᠬᠦᠴᠦᠨ ᠤ ᠥᠷᠲᠡᠭᠡ᠂ ᠬᠡᠷᠡᠭᠯᠡᠭᠴᠢ ᠵᠡᠷᠭᠡ ᠳᠥᠷᠪᠡᠨ ᠲᠠᠯ᠎ᠠ ᠶᠢᠨ ᠪᠠᠷᠢᠯᠭ᠎ᠠ ᠶᠢᠨ ᠠᠬᠢᠴᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠢᠯᠴᠢ ᠶᠢᠨ ᠢᠷᠡᠯᠲᠡ ᠶᠢᠨ ᠪᠥᠲᠥᠭᠡᠨ ᠪᠠᠶᠢᠭᠤᠯᠤᠯᠲᠠ᠂ ᠨᠢᠭᠡᠳᠦᠭᠡᠷ ᠳᠡᠰ ᠤᠨ ᠬᠤᠭᠤᠯᠠᠶ ᠲᠣᠤᠷ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠪᠠᠷ ᠪᠠᠷᠠᠬᠤ ᠥᠬᠡᠶ᠂ ᠨᠠᠩ ᠴᠤ ᠬᠤᠶᠠᠳᠤᠭᠠᠷ ᠳᠡᠰ ᠤᠨ ᠬᠤᠭᠤᠯᠠᠶ ᠲᠣᠤᠷ᠂ ᠠᠰᠠᠷ ᠲᠠᠭᠳᠤ ᠶᠢᠨ ᠪᠤᠰᠤᠭ᠎ᠠ ᠬᠤᠭᠤᠯᠠᠢ᠂ ᠭᠡᠷ ᠪᠠᠶᠢᠰᠢᠩ ᠤᠨ ᠳᠣᠲᠣᠭᠠᠳᠤ ᠶᠢᠨ ᠰᠢᠰᠲ᠋ᠧᠮ ᠢ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ︽ᠨᠢᠭᠡ ᠲᠠᠯ᠎ᠠ ᠨᠢ ᠬᠠᠯᠠᠭᠤᠨ᠂ ᠨᠦᠭᠦᠭᠡ ᠲᠠᠯ᠎ᠠ ᠨᠢ ᠭᠦᠢᠳᠡᠨ ︾ ᠦᠵᠡᠭᠳᠡᠯ ᠭᠠᠷᠬᠤ ᠠᠴᠠ ᠵᠠᠶᠢᠯᠠᠰᠬᠢᠵᠦ᠂ ᠪᠦᠬᠦᠯᠢ ᠴᠣᠭᠴᠠ ᠶᠢᠨ ᠢᠨᠵᠧᠨᠧᠷᠢᠩ ᠤᠨ ᠠᠬᠢᠴᠠ ᠶᠢ ᠨᠥᠯᠥᠭᠡᠯᠡᠬᠦ ᠬᠡᠷᠡᠭᠲᠡᠶ᠃ ᠪᠠᠷᠢᠯᠭ᠎ᠠ ᠪᠠᠷᠢᠬᠤ ᠪᠦᠲᠦᠮᠵᠢᠲᠡᠶ ᠬᠤᠭᠤᠴᠠᠭ᠎ᠠ ᠶᠢ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠵᠦ᠂ ᠲᠣᠭᠲᠠᠭᠰᠠᠨ ᠬᠤᠭᠤᠴᠠᠭᠠᠨ ᠳᠠᠭᠠᠨ ᠪᠠᠷᠢᠯᠭ᠎ᠠ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠤᠨ ᠬᠢᠨ ᠥᠭᠡᠷᠡᠴᠢᠯᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠶᠢ ᠭᠦᠢᠴᠡᠳ ᠬᠡᠷᠡᠭᠯᠡᠵᠦ᠂ ᠪᠡᠯᠡ ᠮᠥᠩᠭᠦᠨ ᠤ ᠪᠣᠭᠤᠮᠢ ᠬᠢᠵᠠᠭᠠᠷᠯᠠᠯ ᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠨᠡᠩ ᠤᠯᠠᠨ ᠲᠦᠷᠦᠯ ᠵᠦᠢᠯ ᠤᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠯᠠᠪᠳᠠᠭᠤᠨ ᠪᠠᠲᠤᠲᠠᠢ ᠰᠢᠨ᠎ᠡ ᠶᠢ ᠡᠭᠦᠳᠦᠭᠰᠡᠨ ᠪᠣᠳᠠᠲᠤ ᠦᠷ᠎ᠡ ᠪᠦᠲᠦᠮᠵᠢ ᠪᠠᠷ ᠲᠦᠭ ᠲᠦᠮᠡᠨ ᠡᠷᠦᠬᠡ ᠶᠢ ᠳᠤᠯᠠᠭᠠᠴᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠭᠤᠣᠯ ᠬᠠᠷᠢᠭᠤᠴᠠᠯᠭᠠᠲᠠᠨ ᠨᠥᠬᠦᠳ ᠪᠠ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠲᠠᠯᠠᠪᠠᠢ ᠶᠢᠨ ᠬᠤᠷᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ