ᠢᠦᠶ ᠰᠢᠨ ᠹᠠᠩ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ ᠲᠤ ᠬᠦᠷᠴᠦ ᠲᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2024/6/20
    6 ᠳ᠋ᠤᠭᠠᠷ ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠪᠠᠶᠢᠴᠠᠭᠠᠯᠳᠠ ᠶᠢᠨ ᠪᠦᠯᠬᠦᠮ ᠳᠠᠭᠠᠭᠤᠯᠤᠨ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ ᠲᠤ ᠬᠦᠷᠴᠦ ᠬᠤᠲᠠ ᠪᠠᠯᠭᠠᠰᠤ ᠶᠢᠨ ᠢᠯᠴᠢ ᠬᠠᠩᠭᠠᠬᠤ ᠲᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ  ᠳᠤ ᠪᠠᠶᠢᠴᠠᠭᠠᠨ ᠰᠤᠳᠤᠯᠤᠯᠳᠠ ᠬᠢᠪᠡ ᠃
W020240619331726466008.png
    ᠢᠦᠶ ᠰᠢᠨ ᠹᠠᠩ ᠤᠷᠢᠳ ᠬᠤᠵᠢᠳ ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠢᠩᠭᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠲᠣᠭᠤᠷᠢᠭ᠂ ᠱᠧᠩ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠸᠠᠨ ᠾᠧᠩ ᠱᠢ ᠵᠢᠢ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠡᠬᠢ ᠬᠤᠭᠤᠯᠠᠶ ᠲᠣᠤᠷ ᠢ ᠥᠭᠡᠷᠡᠴᠢᠯᠡᠬᠦ ᠲᠤᠬᠠᠶ ᠶᠢᠨ ᠲᠠᠯᠠᠪᠠᠶ᠂ ᠠᠵᠤ ᠦᠢᠯᠡᠳᠪᠦᠷᠢ ᠶᠢᠨ ᠶᠡᠭᠡ ᠵᠠᠮ᠂ ᠵᠠᠰᠠᠭᠲᠤ ᠬᠥᠭᠦᠷᠭᠡ ᠶᠢᠨ ᠢᠯᠴᠢ ᠬᠠᠩᠭᠠᠬᠤ ᠨᠢᠭᠡᠳᠦᠬᠢ ᠬᠤᠭᠤᠯᠠᠶ ᠲᠣᠤᠷ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠰᠢᠯᠢ ᠶᠢᠨ ᠬᠤᠲᠠ ᠶᠢᠨ ᠰᠢᠨ ᠴᠧᠨ ᠢᠯᠴᠢ ᠬᠠᠩᠭᠠᠬᠤ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠬᠠᠶ ᠾᠧ ᠵᠠᠮ ᠤᠨ ᠨᠢᠭᠡᠳᠦᠬᠢ ᠬᠤᠭᠤᠯᠠᠢ ᠲᠣᠤᠷ ᠤᠨ ᠬᠤᠪᠢᠶᠠᠷᠢ ᠬᠤᠭᠤᠯᠠᠶ ᠱᠤᠭᠤᠮ ᠤᠨ ᠢᠨᠵᠧᠨᠧᠷᠢᠩ᠂ ᠴᠢᠶᠠᠨ ᠰᠢ ᠯᠦᠩ ᠶᠤᠸᠠᠨ᠂ ᠵᠢᠶᠠ ᠢᠦᠶ ᠲᠢᠶᠠᠨ ᠴᠧᠩ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠬᠤᠭᠤᠯᠠᠶ ᠲᠣᠤᠷ ᠢ ᠥᠭᠡᠷᠡᠴᠢᠯᠡᠬᠦ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠪᠠᠷᠢᠯᠭ᠎ᠠ ᠶᠢᠨ ᠠᠵᠢᠯ ᠪᠠ ᠲᠥᠷᠥᠯ ᠵᠦᠢᠯ ᠤᠨ ᠥᠭᠡᠷᠡᠴᠢᠯᠡᠯᠲᠡ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠯᠴᠢ ᠶᠢᠨ ᠢᠷᠡᠯᠲᠡ ᠶᠢᠨ ᠲᠠᠷᠬᠠᠯᠲᠠ ᠪᠠ ᠪᠡᠯᠡᠳᠬᠡᠯ ᠢᠯᠴᠢ ᠶᠢᠨ ᠢᠷᠡᠯᠲᠡ᠂ ᠬᠤᠭᠤᠯᠠᠶ ᠲᠣᠤᠷ ᠢ ᠢᠵᠢ ᠪᠥᠷᠢᠳᠦᠭᠦᠯᠬᠦ᠂ ᠢᠨᠵᠧᠨᠧᠷᠢᠩ ᠤᠨ ᠵᠢᠷᠤᠭ ᠲᠥᠯᠥᠪᠯᠡᠭᠡ᠂ ᠰᠠᠭᠤᠭᠠᠯᠢ ᠠᠷᠠᠳ ᠤᠨ ᠲᠣᠭᠤᠷᠢᠭ ᠤᠨ ᠬᠤᠭᠤᠯᠠᠶ ᠲᠤᠤᠷ ᠤᠨ ᠥᠭᠡᠷᠡᠴᠢᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠢᠳᠪᠦᠷᠢᠯᠡᠪᠡ᠃
W020240619331726539632.png
    ᠢᠦᠶ ᠰᠢᠨ ᠹᠠᠩ ᠡᠯ᠎ᠡ ᠭᠠᠵᠠᠷ ᠤᠨ ᠬᠢᠨ ︽ᠲᠤᠯᠠᠭᠠᠯᠭ᠎ᠠ ᠢᠨᠵᠧᠨᠧᠷᠢᠩ︾ ᠤᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠰᠢᠭᠯᠠᠨ᠂ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠠᠳᠬᠤᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠭᠠᠯᠳᠤᠯᠭ᠎ᠠ ᠤᠯᠠᠨ ᠰᠠᠭᠤᠭᠠᠯᠢ ᠠᠷᠠᠳ ᠤᠨ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠯᠥᠪᠵᠢᠭᠦᠯᠵᠦ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠦᠷᠭᠡᠨ ᠠᠬᠢᠭᠤᠯᠵᠤ᠂ ᠡᠯ᠎ᠡ ᠲᠦᠷᠦᠯ ᠵᠦᠢᠯ ᠤᠨ ᠲᠣᠭᠲᠠᠭᠰᠠᠨ ᠴᠠᠭ ᠲᠠᠭᠠᠨ ᠪᠠᠷᠢᠯᠭ᠎ᠠ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠣᠶᠤᠨᠴᠢᠯᠠᠭᠰᠠᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠢᠯᠴᠢ ᠶᠢᠨ ᠬᠦᠴᠦᠨ ᠤ ᠥᠷᠲᠡᠭᠡ ᠶᠢᠨ ᠤᠶᠤᠨᠴᠢᠯᠠᠭᠰᠠᠨ ᠥᠭᠡᠷᠡᠴᠢᠯᠡᠯᠲᠡ ᠶᠢ ᠰᠠᠶᠢᠲᠤᠷ ᠬᠢᠵᠦ᠂ ᠬᠡᠷᠡᠭᠴᠡᠭᠡ ᠪᠠᠷ ᠢᠯᠴᠢ ᠬᠠᠩᠭᠠᠬᠤ᠂ ᠨᠠᠷᠢᠯᠢᠭ ᠤᠨᠤᠪᠴᠢᠳᠠᠢ ᠪᠠᠷ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠬᠤ ᠵᠠᠭᠪᠤᠷ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠠᠷᠢᠮᠵᠢᠶ᠎ᠠ ᠲᠣᠭᠲᠠᠭᠠᠯ ᠪᠠ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠠᠵᠢᠯ ᠢ ᠵᠢᠷᠤᠮᠵᠢᠭᠤᠯᠵᠤ᠂ ᠡᠯ᠎ᠡ ᠲᠥᠷᠥᠯ ᠤᠨ ᠬᠤᠭᠤᠯᠠᠶ ᠮᠠᠲ᠋ᠧᠷᠢᠶᠠᠯ᠂ ᠨᠡᠭᠡᠯᠡᠬᠡᠶ ᠵᠡᠷᠭᠡ ᠲᠥᠬᠦᠭᠡᠷᠦᠮᠵᠢ ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠶ᠃ ᠢᠯᠡ ᠲᠤᠳᠤ ᠥᠭᠡᠷᠡᠴᠢᠯᠡᠯᠲᠡ ᠶᠢ ᠪᠠᠷᠢᠮᠲᠠᠯᠠᠵᠤ᠂ ᠤᠯᠠᠨ ᠲᠦᠮᠡᠨ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠂ ᠲᠠᠰᠤᠭ ᠤᠨ ᠬᠠᠷᠢᠭᠤᠴᠠᠯᠭᠠᠲᠠᠨ᠂ ᠢᠯᠴᠢ ᠬᠠᠩᠭᠠᠬᠤ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ