ᠭᠦᠸᠧ ᠢᠦᠶ ᠹᠧᠩ ᠤᠯᠠᠭᠠᠨᠬᠠᠳᠠ ᠬᠤᠲᠠ ᠳᠤ ᠭᠦᠨᠵᠡᠭᠡᠶᠢᠷᠡᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/21
    6 ᠳ᠋ᠤᠭᠠᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠤᠯᠠᠭᠠᠨᠬᠠᠳᠠ ᠬᠤᠲᠠ ᠳᠤ ᠬᠤᠲᠠ ᠪᠠᠯᠭᠠᠰᠤ ᠶᠢᠨ ᠢᠯᠴᠢ ᠬᠠᠩᠭᠠᠬᠤ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ᠂ ᠬᠤᠲᠠ ᠶᠢᠨ ᠠᠮᠢ ᠨᠠᠰᠤᠨ ᠤ ᠱᠤᠭᠤᠮ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠪᠠᠳᠤᠯᠠᠭᠠᠳᠤ ᠲᠤᠰᠢᠶᠠᠬᠤ ᠬᠡᠷ ᠪᠠᠶᠢᠰᠢᠩ᠂ ᠠᠶᠤᠯᠭᠦᠶ ᠦᠢᠯᠡᠳᠪᠦᠷᠢᠯᠡᠯ ᠵᠡᠷᠭᠡ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃
W020240620342821336411.jpg
    ᠭᠦᠸᠧ ᠢᠦᠶ ᠹᠧᠩ ᠤᠷᠢᠳ ᠬᠤᠵᠢᠳ ᠤᠯᠠᠭᠠᠨᠬᠠᠳᠠ ᠬᠤᠲᠠ ᠶᠢᠨ ᠵᠧᠩ ᠳ᠋ᠡ ᠬᠤᠸᠠ ᠲᠢᠩ ᠰᠠᠭᠤᠭᠠᠯᠢ ᠠᠷᠠᠳ ᠤᠨ ᠲᠣᠭᠤᠷᠢᠭ᠂ ᠾᠧᠩ ᠳ᠋ᠡ ᠵᠢᠶᠦ᠋ᠨ ᠲᠢᠩ ᠰᠠᠭᠤᠭᠠᠯᠢ ᠠᠷᠠᠳ ᠤᠨ ᠲᠣᠭᠤᠷᠢᠭ᠂ ᠤᠶᠤᠨᠲᠤ ᠬᠤᠲᠠ ᠶᠢᠨ ᠵᠢᠯᠣᠭᠤᠳᠬᠤ ᠲᠥᠪ᠂ ᠵᠢᠶᠠᠨ ᠺᠠᠩ ᠰᠠᠭᠤᠭᠠᠯᠢ ᠠᠷᠠᠳ ᠤᠨ ᠲᠣᠭᠤᠷᠢᠭ᠂ ᠰᠢᠨ ᠴᠧᠩ ᠹᠦ᠋ ᠯᠦᠩ ᠬᠤᠭᠤᠯᠠᠶᠢᠳᠦ ᠰᠢᠲᠠᠮᠠᠬᠠᠶ ᠬᠡᠶ ᠶᠢᠨ ᠺᠣᠮᠫᠠᠨᠢ᠂ ᠰᠢᠨ᠎ᠡ ᠬᠤᠲᠠ ᠶᠢᠨ ᠢᠯᠴᠢ ᠬᠠᠩᠭᠠᠬᠤ ᠭᠤᠤᠯ ᠬᠤᠭᠤᠯᠠᠶ ᠶᠢᠨ ᠰᠡᠯᠪᠢᠨ ᠵᠠᠰᠠᠬᠤ ᠢᠨᠵᠧᠨᠧᠷᠢᠩ ᠤᠨ ᠲᠤᠬᠠᠶ ᠶᠢᠨ ᠲᠠᠯᠠᠪᠠᠶ᠂ ᠲᠠᠷᠢᠶᠠᠯᠠᠩ ᠤᠨ ᠪᠠᠩᠬᠢ ᠰᠠᠭᠤᠭᠠᠯᠢ ᠠᠷᠠᠳ ᠤᠨ ᠲᠣᠭᠤᠷᠢᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠴᠡᠴᠡᠷᠯᠢᠭ᠂ ᠣᠩᠨᠢᠭᠤᠳ ᠬᠤᠰᠢᠭᠤᠨ ᠤ ᠰᠢᠩ ᠶᠠᠩ ᠢᠯᠴᠢ ᠬᠠᠩᠭᠠᠬᠤ ᠬᠢᠵᠠᠭᠠᠷᠲᠤ ᠺᠣᠮᠫᠠᠨᠢ ᠶᠢᠨ ᠢᠯᠴᠢ ᠶᠢᠨ ᠢᠷᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠤᠸᠠᠨ ᠨᠢᠩ ᠰᠠᠭᠤᠭᠠᠯᠢ ᠠᠷᠠᠳ ᠤᠨ ᠲᠣᠭᠤᠷᠢᠭ᠂ ᠬᠠᠷᠠᠴᠢᠨ ᠬᠤᠰᠢᠭᠤᠨ ᠤ ᠰᠢᠨ ᠰᠢᠨ ᠰᠠᠭᠤᠭᠠᠯᠢ ᠠᠷᠠᠳ ᠤᠨ ᠲᠣᠭᠤᠷᠢᠭ᠂ ᠮᠢᠩ ᠵᠦ ᠴᠡᠴᠡᠷᠯᠢᠭ ᠰᠠᠭᠤᠭᠠᠯᠢ ᠠᠷᠠᠳ ᠤᠨ ᠲᠣᠭᠤᠷᠢᠭ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠭᠦᠸᠧ ᠢᠦᠢ ᠹᠧᠩ᠂ ᠪᠠᠶᠢᠴᠠᠭᠠᠭᠰᠠᠨ ᠭᠠᠵᠠᠷ ᠪᠣᠯᠭᠠᠨ ᠳᠤ ᠬᠤᠯᠪᠣᠭᠳᠠᠯ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠵᠤ᠂ ᠰᠢᠢᠳᠪᠦᠷᠢᠯᠡᠬᠦ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠪᠠ᠃
W020240620342821694943.jpg
    ᠭᠦᠸᠧ ᠢᠦᠢ ᠹᠧᠩ᠂ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠭᠠᠵᠠᠷ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠷᠴᠢ ᠵᠣᠷᠢᠭ ᠢᠶᠠᠨ ᠬᠥᠪᠴᠢᠯᠡᠵᠦ᠂ ︽ᠲᠤᠯᠠᠭᠠᠯᠭ᠎ᠠ ᠶᠢᠨ ᠢᠨᠵᠧᠨᠧᠷᠢᠩ︾ ᠤᠨ ᠲᠦᠷᠦᠯ ᠵᠦᠢᠯ ᠢ ︽ ᠡᠷᠳᠡ ᠂ ᠲᠦᠷᠭᠡᠨ ︾ ᠨᠠᠶᠢᠳᠠᠪᠦᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠃ ᠭᠡᠪᠡᠴᠦ ᠲᠥᠷᠥᠯ ᠵᠦᠢᠯ ᠤᠨ ᠠᠬᠢᠴᠠ ᠶᠢᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠤᠨ ᠠᠬᠢᠴᠠ ᠲᠡᠩᠴᠡᠭᠦᠷᠢ ᠦᠭᠡᠢ᠂ ᠵᠥᠷᠢᠶ᠎ᠡ ᠶᠡᠭᠡ ᠪᠠᠶᠢᠨ᠎ᠠ᠃ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠢᠯᠤᠭᠤᠳᠴᠤ᠂ ︽ᠲᠦᠭᠵᠢᠷᠡᠯ︾ ᠢ ᠢᠳᠡᠪᠬᠢᠲᠡᠢ ᠨᠡᠪᠲᠡᠷᠡᠭᠦᠯᠵᠦ᠂ ︽ᠡᠪᠡᠷᠰᠢᠶᠡᠯ︾ ᠢ ᠠᠷᠢᠯᠭᠠᠵᠤ᠂ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ᠲᠦᠷᠦᠯ ᠵᠦᠢᠯ ᠢ ᠲᠡᠰ ᠳᠠᠷᠠᠭᠠᠯᠠᠯ ᠲᠠᠢ ᠴᠠᠭ ᠤᠨ ᠠᠬᠢᠴᠠ ᠪᠠᠷ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠪᠣᠯᠤᠨ ᠵᠠᠩᠭᠢᠯᠠᠭ᠎ᠠ ᠶᠢᠨ ᠬᠤᠭᠤᠴᠠᠭ᠎ᠠ ᠶᠢ ᠢᠳᠡᠪᠬᠢᠲᠡᠢ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠬᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠪᠡᠶᠡᠯᠡᠭᠦᠯᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠭᠡᠵᠦ᠂ ᠲᠦᠷᠦᠯ ᠵᠦᠢᠯ ᠤᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠵᠤ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠢᠯᠴᠢ ᠶᠢᠨ ᠢᠷᠡᠯᠲᠡ᠂ ᠬᠤᠭᠤᠯᠠᠶ ᠲᠣᠤᠷ᠂ ᠢᠯᠴᠢ ᠶᠢᠨ ᠬᠦᠴᠦᠨ ᠤ ᠥᠷᠲᠡᠭᠡ᠂ ᠬᠡᠷᠡᠭᠯᠡᠭᠴᠢᠳ ᠵᠡᠷᠭᠡ ᠳᠥᠷᠪᠡᠨ ᠲᠠᠯ᠎ᠠ ᠶᠢᠨ ᠢᠨᠵᠧᠨᠧᠷᠢᠩ ᠤᠨ ᠠᠬᠢᠴᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠢᠯᠴᠢ ᠶᠢᠨ ᠢᠷᠡᠯᠲᠡ ᠶᠢᠨ ᠪᠥᠲᠥᠭᠡᠨ ᠪᠠᠶᠢᠭᠤᠯᠤᠯᠲᠠ᠂ ᠨᠢᠭᠡᠳᠦᠭᠡᠷ ᠳᠡᠰ ᠤᠨ ᠬᠤᠭᠤᠯᠠᠶ ᠲᠣᠤᠷ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠪᠠᠷ ᠪᠠᠷᠠᠬᠤ ᠥᠬᠡᠶ᠂ ᠨᠠᠩ ᠴᠤ ᠬᠤᠶᠠᠳᠤᠭᠠᠷ ᠳᠡᠰ ᠤᠨ ᠬᠤᠭᠤᠯᠠᠶ ᠲᠣᠤᠷ᠂ ᠠᠰᠠᠷ ᠤᠨ ᠲᠤᠳᠤᠷᠠᠬᠢ ᠬᠤᠭᠤᠯᠠᠢ ᠲᠤᠤᠷ᠂ ᠡᠷᠦᠬᠡ ᠶᠢᠨ ᠳᠣᠲᠣᠭᠠᠳᠤ ᠲᠦᠭᠦᠭᠡᠷᠤᠮᠵᠢ ᠶᠢᠨ ᠰᠢᠰᠲ᠋ᠧᠮ ᠢ ᠦᠭᠡᠷᠡᠴᠢᠯᠡᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠠᠶᠢᠷ᠎ᠠ ᠬᠠᠯᠠᠮᠵᠢ ᠶᠢ ᠲᠦᠭ ᠲᠦᠮᠡᠨ ᠡᠷᠦᠬᠡ ᠳᠤ ᠬᠦᠷᠳᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠢᠯᠴᠢ ᠶᠢᠨ ᠬᠦᠴᠦᠨ ᠤ ᠥᠷᠲᠡᠭᠡ ᠵᠡᠷᠭᠡ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠵᠤ ᠰᠢᠨᠡᠳᠬᠡᠬᠦ ᠲᠥᠷᠥ ᠶᠢᠨ ᠪᠣᠳᠣᠯᠭ᠎ᠠ ᠶᠢᠨ ᠲᠣᠭᠲᠠᠴᠠ ᠪᠠ ᠬᠡᠷᠡᠭᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠬᠤᠶᠠᠳᠤᠭᠠᠷ ᠳᠡᠰ ᠤᠨ ᠬᠤᠭᠤᠯᠠᠶ ᠲᠣᠤᠷ ᠤᠨ ᠥᠮᠴᠢᠯᠡᠬᠦ ᠡᠷᠬᠡ ᠶᠢ ᠲᠣᠳᠣᠷᠬᠠᠶᠢᠯᠠᠨ᠂ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃
W020240620342821849325.jpg
    ᠭᠦᠸᠧ ᠢᠦᠢ ᠹᠧᠩ ᠂ ᠬᠤᠳᠠ ᠶᠢᠨ ᠠᠮᠢ ᠨᠠᠰᠤᠨ ᠤ ᠱᠤᠭᠤᠮ ᠢᠨᠵᠧᠨᠧᠷᠢᠩ ᠪᠣᠯ ᠬᠤᠳᠠ ᠶᠢᠨ ᠠᠮᠤᠷ ᠲᠦᠪᠰᠢᠨ ᠠᠵᠢᠯᠯᠠᠭᠠᠨ ᠤ ᠴᠢᠬᠤᠯᠠ ᠪᠠᠲᠤᠯᠠᠭ᠎ᠠ ᠪᠣᠯᠤᠨ᠎ᠠ᠃ ︽ᠤᠶᠤᠨᠲᠤ ᠬᠤᠳᠠ + ᠤᠶᠠᠨ ᠬᠠᠳᠠᠨ ᠬᠤᠳᠠ︾ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠣᠭᠠᠴᠢᠯᠠᠯᠲᠠ ᠪᠠᠷ ᠭᠠᠷᠳᠠᠴᠠ ᠪᠣᠯᠭᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠠᠮᠢ ᠨᠠᠰᠤᠨ ᠤ ᠱᠤᠭᠤᠮ ᠠᠮᠤᠷ ᠲᠦᠪᠰᠢᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ ︽ᠠᠵᠤ ᠠᠬᠤᠶᠢᠯᠠᠯ ᠪᠡᠯᠡ ᠣᠷᠣᠭᠤᠯᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ︾ ᠪᠦᠲᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠠᠭᠤᠷᠢ ᠪᠡᠯᠡᠳᠬᠡᠮᠵᠢ ᠶᠢᠨ ᠡᠷᠬᠡ ᠶᠢᠨ ᠬᠠᠷᠢᠶᠠᠳᠤ ᠠᠵᠤ ᠠᠬᠤᠶᠢᠯᠠᠯ᠂ ᠲᠤᠰᠬᠠᠶ ᠡᠵᠡᠩᠨᠡᠯᠲᠡ ᠶᠢᠨ ᠬᠢᠨᠠᠨ ᠬᠡᠮᠵᠢᠬᠦ ᠲᠥᠪ ᠵᠡᠷᠭᠡ ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠠ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠰᠡᠳᠬᠢᠴᠡ ᠪᠠᠷ ᠦᠢᠯᠡᠴᠢᠯᠡᠭᠡ ᠬᠤᠳᠠᠯᠳᠤᠨ ᠠᠪᠬᠤ᠂ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠤ ᠵᠠᠭᠪᠤᠷ ᠢᠶᠠᠷ ᠥᠨᠳᠥᠷ ᠬᠢᠷᠢ ᠲᠦᠪᠰᠢᠨ ᠲᠠᠢ ᠰᠢᠰᠲ᠋ᠧᠮᠵᠢᠭᠦᠯᠦᠨ ᠬᠠᠩᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠪᠠ ᠬᠤᠭᠤᠯᠠᠶ ᠲᠣᠤᠷ ᠤᠨ ᠺᠣᠮᠫᠠᠨᠢ ᠶᠢᠨ ᠣᠷᠣᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠵᠦ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ᠂ ᠨᠠᠶᠢᠳᠠᠪᠤᠷᠢᠲᠠᠶ ᠪᠠ ᠥᠨᠳᠥᠷ ᠦᠷ᠎ᠡ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠠᠵᠢᠯᠯᠠᠭᠤᠯᠤᠭᠰᠠᠨ ᠤ ᠳᠠᠷᠠᠭ᠎ᠠ ᠰᠢᠢᠳᠪᠦᠷᠢᠯᠡᠵᠦ ᠪᠠᠶᠢᠭᠰᠠᠨ ᠠᠴᠠ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠬᠤᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ ᠲᠣᠭᠠᠴᠢᠯᠠᠭᠰᠠᠨ ᠡᠨᠧᠷᠭᠢ ᠣᠯᠭᠤᠬᠤ᠂ ᠣᠶᠤᠨᠴᠢ ᠬᠠᠮᠢᠶᠠᠷᠤᠯᠲᠠ ᠪᠠᠷ ᠬᠤᠲᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ ᠃
W020240620342822074856.jpg
    ᠭᠦᠸᠧ ᠢᠦᠢ ᠹᠧᠩ᠂ ᠪᠠᠳᠤᠯᠠᠭᠠᠳᠤ ᠲᠤᠰᠢᠶᠠᠬᠤ ᠠᠰᠠᠷ ᠤᠨ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠲᠦᠷᠦᠯ ᠵᠦᠢᠯ ᠤᠨ ᠪᠦᠬᠦ ᠦᠷ᠎ᠡ ᠠᠰᠢᠭᠳᠤ ᠪᠠᠷᠢᠯᠭ᠎ᠠ ᠶᠢ ᠪᠠᠲᠤᠯᠠᠵᠤ᠂ ᠲᠦᠷᠦᠯ ᠵᠦᠢᠯ ᠢ ᠰᠢᠯᠭᠠᠨ ᠠᠪᠬᠤ ᠶᠢ ᠵᠡᠷᠭᠡᠪᠡᠷ ᠠᠬᠢᠭᠤᠯᠵᠤ᠂ ᠣᠨ ᠤ ᠲᠤᠰᠢᠶᠠᠭᠰᠠᠨ ᠡᠭᠦᠷᠭᠡ ᠶᠢ ᠶᠠᠰᠤ ᠴᠢᠨᠠᠷ  ᠲᠠᠢ ᠪᠠᠲᠤᠯᠠᠨ ᠪᠡᠶᠡᠯᠡᠭᠦᠯᠬᠦ ᠬᠡᠷᠡᠭᠲᠡᠢ᠃ ᠪᠠᠳᠤᠯᠠᠭᠠᠳᠤ ᠲᠤᠰᠢᠶᠠᠬᠤ ᠠᠰᠠᠷ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠤᠰ ᠭᠠᠵᠠᠷ ᠣᠷᠣᠨ ᠤ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠂ ᠰᠤᠯᠠ ᠪᠠᠶᠢᠬᠤ ᠭᠠᠵᠠᠷ ᠰᠢᠷᠣᠢ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠨᠥᠬᠦᠴᠡᠯ ᠢ ᠬᠠᠩᠭᠠᠬᠤ ᠲᠦᠷᠦᠯ ᠵᠦᠢᠯ ᠢ ᠲᠠᠸᠠᠷ ᠤᠨ ᠣᠷᠣᠨ ᠰᠠᠭᠤᠴᠠ ᠶᠢᠨ ᠲᠦᠷᠦᠯ ᠵᠦᠢᠯ  ᠤᠨ ᠪᠠᠳᠤᠯᠠᠭᠠᠳᠤ ᠲᠤᠰᠢᠶᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠵᠤ᠂ ᠲᠠᠸᠠᠷ ᠤᠨ ᠣᠷᠣᠨ ᠰᠠᠭᠤᠴᠠ ᠶᠢᠨ ᠲᠦᠷᠦᠯ ᠵᠦᠢᠯ ᠤᠨ ᠪᠠᠳᠤᠯᠠᠭᠠᠳᠤ ᠲᠤᠰᠢᠶᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠵᠦ᠂ ᠦᠯᠡᠳᠡᠭᠳᠡᠯ ᠪᠦᠬᠦᠢ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠲᠦᠷᠦᠯ ᠵᠦᠢᠯ ᠢ ᠴᠠᠭ ᠲᠤᠬᠠᠢ ᠳᠤᠨᠢ ᠴᠢᠨᠠᠷ ᠢ ᠪᠠᠲᠤᠯᠠᠨ ᠲᠤᠰᠢᠶᠠᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠭᠦᠢᠴᠡᠳ ᠰᠠᠶᠢᠲᠤᠷ ᠬᠡᠷᠡᠭᠯᠡᠵᠦ᠂ ᠨᠠᠩ ᠣᠯᠠᠨ ᠲᠥᠷᠥᠯ ᠵᠦᠢᠯ ᠢ ︽ᠴᠠᠭᠠᠨ ᠨᠡᠷᠡᠰ ᠤᠨ ᠵᠢᠭᠰᠠᠭᠠᠯᠲᠠ︾ ᠳᠤ ᠣᠷᠣᠭᠤᠯᠤᠨ ᠪᠠᠯᠠ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠵᠠᠰᠠᠭ ᠤᠨ ᠣᠷᠳᠣᠨ ᠤ ᠡᠭᠡᠭᠦᠯᠦᠨ ᠬᠤᠳᠠᠯᠳᠤᠨ ᠠᠪᠬᠤ ᠲᠠᠸᠠᠷ ᠤᠨ ᠬᠡᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠢ ᠲᠥᠷᠥᠯ ᠬᠤᠪᠢᠶᠠᠨ ᠰᠢᠢᠳᠪᠦᠷᠢᠯᠡᠬᠦ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ ᠵᠢᠷᠤᠮᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠲᠡᠶ ᠴᠡᠭᠴᠡᠯᠡᠨ ᠵᠠᠰᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
W020240620342822319593.jpg
    ᠭᠦᠸᠧ ᠢᠦᠢ ᠹᠧᠩ᠂ ᠬᠤᠳᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠤᠨᠢᠨ ᠳᠡᠭᠡᠷ᠎ᠡ ᠨᠢ ᠲᠤᠳᠠᠭᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠦ᠂ ᠣᠷᠣᠨ ᠰᠠᠭᠤᠴᠠ ᠪᠣᠯᠤᠨ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠲᠦᠪᠰᠢᠨ ᠤ ᠭᠡᠮ ᠰᠣᠭᠤᠭ ᠢ ᠲᠦᠷᠭᠡᠨ ᠠᠷᠢᠯᠭᠠᠵᠤ᠂ ᠬᠤᠳᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠣᠯᠤᠨ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ᠂ ᠲᠥᠬᠦᠭᠡᠷᠦᠮᠵᠢ ᠶᠢᠨ ᠨᠥᠬᠦᠴᠡᠯ ᠪᠣᠯᠤᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠡᠷᠡᠭᠦᠯ ᠮᠡᠨᠳᠦ᠂ ᠲᠤᠨᠤᠭ ᠲᠥᠬᠦᠭᠡᠷᠦᠮᠵᠢ ᠲᠡᠭᠦᠯᠳᠡᠷᠵᠢᠭᠰᠡᠨ᠂ ᠬᠠᠮᠢᠶᠠᠷᠤᠯᠲᠠ ᠡᠮᠬᠢ ᠵᠢᠷᠤᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠢ ᠪᠦᠳᠦᠭᠡᠨ ᠪᠠᠶᠢᠭᠤᠯᠬᠤ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ︽ᠵᠧᠵᠢᠶᠠᠩ ᠤᠨ ᠵᠠᠭᠪᠤᠷ︾ ᠢ ᠰᠤᠷᠤᠯᠴᠠᠨ ᠲᠤᠯᠢᠳᠠᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠥᠮᠴᠢᠲᠡᠳ ᠠᠴᠠ ᠪᠡᠯᠡ ᠮᠥᠩᠭᠦ ᠭᠠᠷᠭᠠᠬᠤ ᠪᠠᠷ ᠳᠠᠮᠵᠢᠭᠤᠯᠤᠨ᠂ ᠪᠠᠶᠢᠭᠤᠯᠤᠭᠰᠠᠨ ᠤᠨ ᠵᠢᠯ ᠨᠢ ᠡᠷᠳᠡ᠂ ᠪᠥᠲᠥᠭᠡᠨ ᠪᠠᠶᠢᠭᠤᠯᠤᠭᠰᠠᠨ ᠪᠠᠷᠢᠮᠵᠢᠶ᠎ᠠ  ᠨᠢ ᠳᠣᠤᠷ᠎ᠠ᠂ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠤᠨ ᠬᠠᠷᠢᠴᠠᠯ ᠢᠶᠠᠷ ᠥᠨᠳᠥᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠬᠤᠲᠠ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠥᠮᠴᠢᠲᠡᠨ ᠠᠴᠠ ᠪᠠᠯᠠ ᠴᠤᠭᠯᠠᠭᠤᠯᠬᠤ᠂ ᠥᠪᠡᠰᠦᠪᠡᠨ ᠨᠤᠷᠠᠭᠠᠵᠤ ᠥᠪᠡᠰᠦᠪᠡᠨ ᠪᠠᠶᠢᠭᠤᠯᠬᠤ ᠥᠪᠡᠰᠦᠪᠡᠨ ᠥᠭᠡᠷᠡᠴᠢᠯᠡᠬᠦ ᠰᠢᠨ᠎ᠡ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠤᠷᠰᠢᠯᠲᠠ ᠶᠢᠨ ᠴᠡᠭ ᠤᠨ ᠠᠵᠢᠯ ᠢ ᠳᠥᠯᠭᠢᠨ ᠠᠬᠢᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ︽ᠨᠠᠳᠠ ᠪᠠᠷ ᠥᠭᠡᠷᠡᠴᠢᠯᠡᠭᠦᠯᠬᠦ︾ ᠠᠴᠠ ︽ᠦᠪᠡᠷ ᠢᠶᠠᠨ  ᠦᠭᠡᠷᠡᠴᠢᠯᠡᠬᠦ ︾ ᠪᠣᠯᠭᠠᠵᠤ᠂ ᠥᠭᠡᠷᠡᠴᠢᠯᠡᠨ ᠪᠠᠶᠢᠭᠤᠯᠬᠤ ︽ᠰᠢᠢᠳᠪᠦᠷᠢᠯᠡᠬᠦ ᠡᠷᠬᠡ︾ ᠶᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠦᠨᠡᠨ ᠬᠦ ᠤᠯᠭᠤᠵᠤ᠂ ᠥᠮᠴᠢᠲᠡᠨ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃    ᠭᠦᠸᠧ ᠢᠦᠶ ᠹᠧᠩ᠂ ᠭᠦᠨᠵᠡᠭᠡᠶ ᠰᠤᠷᠭᠠᠮᠵᠢ ᠠᠪᠴᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ᠂ ᠲᠦᠢᠯᠰᠢᠷᠠᠯ ᠤᠨ ᠰᠡᠳᠬᠢᠬᠦᠶ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠷᠡᠰ ᠬᠦᠴᠦᠲᠡᠶ ᠠᠷᠭ᠎ᠠ ᠬᠡᠮᠵᠢᠶ᠎ᠡ ᠠᠪᠴᠤ ᠴᠡᠭᠴᠡᠯᠡᠨ ᠵᠠᠰᠠᠵᠤ᠂ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ᠃ ᠬᠤᠲᠠ ᠪᠠᠯᠭᠠᠰᠤᠨ ᠤ ᠰᠢᠲᠠᠮᠠᠬᠠᠶ ᠬᠡᠶ᠂ ᠥᠪᠡᠰᠦᠪᠡᠨ ᠪᠠᠷᠢᠭᠰᠠᠨ ᠬᠡᠷ ᠪᠠᠶᠢᠰᠢᠩ᠂ ᠪᠠᠷᠢᠯᠭ᠎ᠠ ᠶᠢᠨ ᠠᠵᠢᠯ᠂ ᠬᠤᠲᠠ ᠶᠢᠨ ᠴᠡᠴᠡᠷᠯᠢᠭ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠳᠣᠪᠤᠶᠢᠯᠭᠠᠵᠤ᠂ ᠣᠶᠢᠷ᠎ᠠ ᠶᠢᠨ ᠬᠤᠭᠤᠴᠠᠭᠠᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢᠨ ᠣᠨᠴᠠᠯᠢᠭ ᠢ ᠭᠦᠨᠵᠡᠭᠡᠶ ᠵᠠᠳᠠᠯᠤᠨ ᠰᠤᠳᠤᠯᠵᠤ ᠮᠠᠭᠠᠳᠯᠠᠵᠤ᠂ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠵᠠᠰᠠᠬᠤ ᠳᠤ ᠥᠨᠴᠥᠭ ᠪᠤᠯᠤᠩ ᠪᠠᠯᠠᠶ ᠣᠷᠣᠨ ᠦᠯᠡᠳᠡᠭᠡᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠦᠨᠡᠨ ᠬᠦ ᠲᠠᠮᠵᠢᠭᠤᠯᠤᠨ᠂ ︽ᠲᠡᠭᠦᠰᠬᠡᠯ ᠤᠨ ᠮᠡᠳᠡᠷᠡᠯ︾ ᠳᠤ ᠳᠠᠮᠵᠢᠭᠤᠯᠤᠨ᠎ᠠ᠃ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠰᠡᠷᠭᠡᠶᠢᠯᠡᠬᠦ ᠠᠷᠭ᠎ᠠ ᠬᠡᠮᠵᠢᠶ᠎ᠡ ᠳᠤᠷᠠᠳᠴᠤ᠂ ᠠᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠶ᠃ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠠᠲᠤ ᠪᠣᠯᠭᠠᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠰᠢᠲᠠᠮᠠᠬᠠᠢ ᠬᠡᠢ ᠶᠢᠨ ᠬᠤᠭᠤᠯᠠᠢ ᠲᠤᠤᠷ ᠤᠨ ︽ᠠᠰᠠᠭᠤᠳᠠᠯ ᠲᠠᠢ ᠠᠵᠢᠯᠯᠠᠬᠤ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠳᠠᠯᠳᠠ ᠭᠡᠮ ᠲᠠᠢ ᠬᠤᠭᠤᠯᠠᠶ ᠲᠤᠤᠷ ᠲᠤ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠰᠢᠨᠡᠳᠬᠡᠨ ᠥᠭᠡᠷᠡᠴᠢᠯᠡᠬᠦ ᠪᠣᠳᠠᠲᠠᠶ ᠲᠥᠷᠥᠯ ᠵᠦᠢᠯ ᠤᠨ ᠨᠠᠷᠢᠨ ᠬᠠᠭᠤᠳᠠᠰᠤ ᠶᠢ ᠵᠢᠭᠰᠠᠭᠠᠨ ᠭᠠᠷᠭᠠᠵᠤ᠂ ᠰᠢᠨᠡᠳᠬᠡᠨ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
W020240620342822833279.jpg
    ᠭᠦᠸᠧ ᠢᠦᠢ ᠹᠧᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠴᠡᠴᠡᠷᠯᠢᠭ᠂ ᠲᠤᠰ ᠭᠠᠵᠠᠷ ᠤᠨ ᠲᠡᠮᠳᠡᠭᠲᠦ ᠪᠠᠷᠢᠯᠭ᠎ᠠ᠂ ᠵᠠᠷ ᠮᠡᠳᠡᠭᠡᠨ ᠤ ᠫᠠᠶᠢᠰᠠ ᠶᠢᠨ ᠳᠤᠮᠳᠠ ᠥᠷᠭᠡᠨ ᠢᠶᠠᠷ ᠬᠡᠷᠡᠭᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠰᠠᠶᠢᠲᠤᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠨ ᠪᠠᠬᠢᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃    ᠭᠦᠸᠧ ᠢᠦᠢ ᠹᠧᠩ᠂ ᠪᠦᠬᠦ ᠣᠷᠣᠨ ᠤ ᠪᠠᠳᠤᠯᠠᠭᠠᠳᠤ ᠲᠤᠰᠢᠶᠠᠬᠤ ᠠᠰᠠᠷ ᠪᠠ ᠬᠤᠳᠠ ᠶᠢᠨ ᠠᠮᠢ ᠨᠠᠰᠤᠨ ᠤ ᠱᠤᠭᠤᠮ ᠤᠨ ᠲᠤᠬᠠᠢ ᠶᠢᠨ ᠲᠠᠯᠠᠪᠠᠢ ᠶᠢᠨ ᠬᠤᠷᠠᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠢᠭᠲᠠ ᠠᠴᠠ ᠨᠢᠭᠲᠠ᠂ ᠨᠠᠷᠢᠯᠢᠭ ᠠᠴᠠ ᠨᠠᠷᠢᠯᠢᠭ᠂ ᠪᠣᠳᠠᠲᠠᠢ ᠠᠴᠠ ᠪᠣᠳᠠᠲᠠᠢ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠰᠣᠳᠣᠨ ᠦᠵᠡᠭᠦᠯᠦᠯᠭᠡ ᠶᠢ ᠪᠤᠢ ᠪᠣᠯᠭᠠᠬᠤ ᠪᠠᠷ ᠪᠠᠷᠠᠬᠤ ᠦᠭᠡᠢ᠂ ᠨᠡᠩ ᠴᠤ ︽ᠴᠡᠭ︾ ᠢᠶᠠᠷ ︽ᠨᠡᠶᠢᠳᠡᠮ︾ ᠤᠨ ᠠᠵᠢᠯ ᠢ ᠳᠡᠯᠭᠡᠨ ᠦᠵᠡᠭᠦᠯᠵᠦ᠂ ᠰᠡᠳᠬᠢᠴᠡ᠂ ᠠᠷᠭ᠎ᠠ ᠬᠡᠮᠵᠢᠶ᠎ᠡ ᠪᠠ ᠰᠢᠨ᠎ᠡ ᠶᠢ ᠡᠭᠦᠳᠬᠦ ᠠᠷᠭ᠎ᠠ ᠬᠢᠳᠡᠯ ᠢ ᠭᠦᠨᠵᠡᠭᠡᠢ ᠠᠭᠤᠳᠠᠯᠵᠤ᠂ ᠰᠤᠷᠴᠤ ᠪᠣᠯᠬᠤ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠠᠷᠭ᠎ᠠ ᠬᠢᠳᠡᠯ ᠢ ᠪᠦᠷᠢᠯᠳᠦᠭᠦᠯᠬᠦ ᠶᠢ ᠦᠨᠡᠨ ᠬᠦ ᠪᠠᠳᠤᠯᠠᠬᠤ ᠬᠡᠷᠡᠭᠲᠡᠢ ᠭᠡᠵᠤ ᠱᠠᠭᠠᠷᠳᠠᠪᠠ᠃ 
ᠢᠷᠡᠯᠲᠡ᠄ ᠲᠢᠩᠬᠢᠮ ᠤᠨ ᠠᠯᠪᠠᠨ ᠬᠡᠷ