ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
    2024 ᠣᠨ ᠤ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠠᠶᠢᠳᠠᠯ ᠢ ᠳᠣᠭᠢᠷᠠᠭᠤᠯᠵᠤ᠂ ᠬᠤᠲᠠ ᠶᠢᠨ ᠰᠢᠲᠠᠮᠠᠬᠠᠶ ᠬᠡᠶ ᠶᠢᠨ ᠬᠠᠭᠤᠴᠢᠷᠠᠭᠰᠠᠨ ᠬᠤᠭᠤᠯᠠᠶ ᠲᠤᠤᠷ ᠵᠡᠷᠭᠡ ᠶᠢ ᠰᠢᠨᠡᠳᠬᠡᠨ ᠥᠭᠡᠷᠡᠴᠢᠯᠡᠬᠦ ᠪᠠ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ ᠢ ᠡᠷᠭᠢᠯᠡᠪᠡ᠃
W020240624329768148237.png
    ᠬᠤᠷᠠᠯ ᠠᠴᠠ ᠂ ᠡᠯ᠎ᠡ ᠭᠠᠵᠠᠷ ᠤᠨ ᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠬᠤᠲᠠ ᠶᠢᠨ ᠰᠢᠲᠠᠮᠠᠬᠠᠶ ᠬᠡᠶ ᠶᠢᠨ ᠬᠠᠭᠤᠴᠢᠷᠠᠭᠰᠠᠨ ᠬᠤᠭᠤᠯᠠᠶ ᠲᠤᠤᠷ ᠵᠡᠷᠭᠡ ᠶᠢ ᠰᠢᠨᠡᠳᠬᠡᠨ ᠥᠭᠡᠷᠡᠴᠢᠯᠡᠬᠦ ᠠᠵᠢᠯ ᠤᠨ ᠠᠬᠢᠴᠠ ᠶᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠲᠡᠦᠬᠡ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠡᠵᠡᠮᠳᠡᠵᠦ᠂ ᠤᠷᠢᠳᠴᠢᠯᠠᠨ ᠠᠵᠢᠯ ᠢᠶᠠᠨ ᠲᠥᠯᠥᠪᠵᠢᠭᠦᠯᠵᠦ᠂ ᠬᠤᠳᠠ ᠶᠢᠨ ᠰᠢᠲᠠᠮᠠᠬᠠᠢ ᠬᠡᠢ ᠶᠢᠨ ᠬᠠᠭᠤᠴᠢᠷᠠᠭᠰᠠᠨ ᠬᠤᠭᠤᠯᠠᠢ ᠵᠡᠷᠭᠡ ᠶᠢ ᠰᠢᠨᠡᠴᠢᠯᠡᠵᠦ ᠥᠭᠡᠷᠡᠴᠢᠯᠡᠬᠦ᠂ ᠪᠠᠷᠢᠯᠭ᠎ᠠ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠪᠣᠯᠤᠨ ᠠᠮᠤᠷ ᠲᠦᠪᠰᠢᠨ ᠤᠶᠠᠨ ᠬᠠᠳᠠᠨ ᠴᠢᠨᠠᠷ ᠤᠨ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠬᠠᠷᠠᠯᠲᠠ ᠪᠠᠨ ᠲᠣᠳᠣᠷᠬᠠᠶᠢᠯᠠᠵᠤ᠂ ᠲᠦᠷᠦᠯ ᠵᠦᠢᠯ ᠢ ᠠᠬᠢᠭᠤᠯᠬᠤ ᠵᠠᠮ ᠱᠤᠭᠤᠮ ᠤᠨ ᠵᠢᠷᠤᠭ ᠢ ᠲᠣᠭᠲᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠤᠳᠠᠳᠠᠢ  ᠠᠵᠢᠯᠯᠠᠵᠤ ᠂ ᠣᠨ ᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠨᠥᠭᠡᠴᠡ ᠪᠣᠯᠤᠨ ᠪᠡᠯᠡ ᠮᠥᠩᠭᠦ ᠶᠢᠨ ᠬᠡᠷᠡᠭᠴᠡᠭᠡ ᠶᠢ ᠭᠤᠶᠤᠴᠢᠯᠠᠨ ᠮᠡᠳᠡᠭᠦᠯᠬᠦ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠵᠦ᠂ ᠪᠡᠯᠡ ᠮᠥᠩᠭᠦ  ᠨᠢ ᠲᠦᠷᠦᠯ ᠵᠦᠢᠯ ᠢ ᠬᠦᠯᠢᠶᠡᠬᠦ ᠠᠴᠠ ᠲᠦᠷᠦᠯ ᠵᠦᠢᠯ  ᠨᠢ ᠪᠡᠯᠡ ᠮᠥᠩᠭᠦ ᠶᠢ ᠬᠦᠯᠢᠶᠡᠬᠦ ᠵᠦᠭ ᠲᠤ ᠬᠤᠪᠢᠷᠠᠭᠤᠯᠵᠤ᠂ ᠨᠡᠩ ᠤᠯᠠᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠬᠤᠷᠠᠮᠳᠤᠭᠤᠯᠵᠤ ᠡᠨᠧᠷᠭᠢ ᠣᠯᠭᠤᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ ᠂ ᠡᠯ᠎ᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠠᠷᠢᠭᠤᠴᠠᠯᠭ᠎ᠠ  ᠪᠠᠨ ᠦᠨᠡᠨᠬᠦ ᠪᠠᠳᠤᠯᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭ᠎ᠠ  ᠪᠠᠨ ᠵᠠᠳᠠᠯᠤᠨ ᠰᠢᠨᠵᠢᠬᠦ ᠶᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠬᠥᠮᠦᠨ ᠳᠤ ᠂ ᠡᠭᠦᠷᠭᠡ ᠶᠢ ᠠᠵᠢᠯ ᠤᠨ ᠪᠠᠶᠢᠷᠢ ᠳᠤ ᠡᠷᠡᠰ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠢ ᠠᠳᠬᠤᠬᠤ ᠬᠥᠮᠦᠨ ᠲᠠᠢ᠂ ᠶᠠᠪᠤᠳᠠᠯ ᠪᠣᠯᠭᠠᠨ ᠢ ᠬᠠᠮᠢᠶᠠᠷᠬᠤ ᠬᠥᠮᠦᠨ ᠲᠠᠢ ᠪᠣᠯᠭᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯᠳᠠᠨ ᠤ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ ᠠᠵᠢᠯᠳᠠᠨ ᠤ ᠬᠡᠪ ᠴᠢᠨᠠᠷ ᠤᠨ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠣᠨᠣᠪᠴᠢᠲᠠᠢ᠂ ᠴᠠᠭ ᠲᠤᠬᠠᠢ ᠳᠤᠨᠢ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠬᠢᠨᠠᠵᠤ ᠬᠠᠮᠲᠤᠷᠠᠨ ᠵᠥᠪᠳᠡᠯᠴᠡᠬᠦ ᠠᠵᠢᠯ ᠤᠨ ᠲᠣᠭᠲᠠᠴᠠ ᠶᠢ ᠰᠤᠳᠤᠯᠤᠨ ᠪᠠᠶᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ ᠭᠡᠵᠤ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠨᠥᠬᠦᠳ ᠵᠢᠴᠢ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ 
ᠢᠷᠡᠯᠲᠡ᠄ ᠲᠢᠩᠬᠢᠮ ᠤᠨ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ