ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25
    6 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
W020240625326635804585.png
     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠦᠨᠵᠡᠭᠡᠶ ᠰᠤᠳᠤᠯᠵᠤ᠂ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠬᠠᠷᠠᠯᠲᠠ ᠪᠠᠨ ᠲᠣᠭᠲᠠᠭᠠᠵᠤ᠂ ᠬᠦᠴᠦᠯᠡᠯᠳᠡ ᠶᠢᠨ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ᠂ ᠥᠭᠡᠷᠡᠴᠢᠯᠡᠯᠲᠡ ᠶᠢᠨ ᠰᠡᠳᠬᠢᠬᠦᠶ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠲᠦᠷᠢᠮ ᠤᠨ ᠬᠠᠷᠰᠢ ᠰᠠᠭᠠᠳ ᠢ ᠠᠷᠢᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠴᠢᠩᠭ᠎ᠠ ᠠᠩᠬᠠᠷᠴᠤ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠤᠯᠤᠰ ᠠᠴᠠ ︽ᠬᠤᠶᠠᠷ ᠢ ᠴᠢᠬᠤᠯᠠᠴᠢᠯᠠᠬᠤ︾ ᠪᠦᠳᠦᠭᠡᠨ ᠪᠠᠶᠢᠭᠤᠯᠤᠯᠲᠠ ᠪᠣᠯᠤᠨ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ᠂ ᠰᠢᠪᠲᠤᠯᠤᠯᠲᠠ ᠶᠢᠨ ᠴᠢᠭᠯᠡᠯ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠵᠣᠯᠭᠠᠭᠤᠯᠬᠤ᠂ ᠦᠷᠭᠦᠯᠵᠢᠯᠡᠨ ᠠᠬᠢᠭᠤᠯᠬᠤ ᠶᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠳᠤ ᠡᠨᠧᠷᠭᠢ ᠤᠯᠭᠤᠬᠤ ᠂ ᠭᠤᠷᠪᠠᠨ ᠵᠢᠯ ᠳᠤ ᠪᠠᠷᠢᠯᠭ᠎ᠠ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠪᠠᠷ ᠬᠥᠲᠥᠯᠦᠮᠵᠢ ᠪᠣᠯᠭᠠᠵᠤ᠂ ᠪᠠᠷᠢᠯᠭ᠎ᠠ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠲᠠᠪᠴᠠᠩ ᠪᠠᠶᠢᠭᠤᠯᠬᠤ᠂ ᠬᠢᠷᠢ ᠴᠢᠳᠠᠮᠵᠢ ᠪᠠᠨ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ᠪᠠᠷᠢᠯᠭ᠎ᠠ ᠶᠢᠨ ᠦᠢᠯᠡᠰ ᠤᠨ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠠᠭᠤᠯᠤᠭᠳᠠᠬᠤᠨ ᠲᠠᠢ ᠡᠷᠴᠢᠮᠵᠢᠭᠰᠡᠨ ᠮᠠᠶ᠋ᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠬᠤᠳᠠ ᠶᠢᠨ ᠬᠠᠮᠢᠶᠠᠷᠤᠯᠲᠠ ᠶᠢᠨ ᠲᠣᠭᠠᠴᠢᠯᠠᠭᠰᠠᠨ ᠬᠡᠯᠪᠡᠷᠢ ᠬᠤᠪᠢᠷᠠᠭᠤᠯᠬᠤ ᠡᠨᠡᠬᠦ ᠲᠤᠮᠤ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢᠵᠢᠯᠲᠠ᠂ ᠲᠣᠭᠠᠴᠢᠯᠠᠭᠰᠠᠨ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠰᠠᠭ ᠪᠠ ᠠᠵᠤ ᠠᠬᠤᠶᠢᠯᠠᠯ ᠤᠨ ᠵᠣᠯᠭᠠᠭᠤᠯᠬᠤ ᠲᠠᠪᠴᠠᠩ ᠢ ᠪᠠᠶᠢᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ᠂ ᠬᠤᠳᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ᠂ ᠤᠶᠤᠨᠲᠤ ᠲᠣᠭᠠᠴᠢᠯᠠᠭᠰᠠᠨ ᠢᠯᠴᠢ ᠬᠠᠩᠭᠠᠬᠤ ᠵᠡᠷᠭᠡ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠬᠢ ᠪᠠᠶᠠᠯᠢᠭ ᠢ ᠪᠦᠬᠦ ᠲᠠᠯ᠎ᠠ ᠪᠠᠷ ᠨᠢᠭᠡᠳᠭᠡᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠲᠤᠭ᠎ᠠ ᠪᠠᠷᠢᠮᠲᠠ ᠶᠢᠨ ᠨᠡᠪᠲᠡᠷᠡᠯᠴᠡᠬᠦ ᠶᠢ ᠲᠦᠷᠭᠡᠳᠬᠡᠵᠦ᠂ ᠲᠣᠭᠠᠴᠢᠯᠠᠯᠲᠠ ᠪᠠᠷ ᠳᠠᠮᠵᠢᠭᠤᠯᠤᠨ ᠡᠨᠧᠷᠭᠢ ᠣᠯᠭᠤᠵᠤ ᠬᠤᠳᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠭᠠᠳᠠᠭᠰᠢ ᠭᠠᠷᠭᠠᠬᠤ︾ ᠪᠠ ︽ᠣᠷᠣᠭᠤᠯᠤᠨ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠡᠷᠢᠭᠦᠨ ᠤ ᠮᠤᠵᠢ ᠶᠢᠨ ᠬᠤᠳᠠ ᠶᠢᠨ ᠰᠢᠨᠡᠴᠢᠯᠡᠯᠲᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠠᠰᠢᠭᠯᠠᠬᠤ ᠵᠡᠷᠭᠡ ᠲᠠᠯ᠎ᠠ ᠶᠢᠨ ᠲᠤᠷᠰᠢᠯᠭ᠎ᠠ ᠠᠷᠭ᠎ᠠ ᠬᠢᠳᠡᠯ ᠢ ᠢᠯᠡᠭᠦᠬᠡᠨ ᠰᠤᠷᠤᠯᠴᠠᠨ ᠲᠤᠯᠢᠳᠠᠵᠤ᠂ ᠵᠣᠷᠢᠭᠲᠠᠢ ᠪᠠᠷ ᠲᠤᠷᠰᠢᠯᠲᠠ ᠶᠢᠨ ᠴᠡᠭ᠂ ᠬᠢᠯᠠᠰ ᠴᠡᠭ ᠢ ᠡᠭᠦᠳᠴᠦ᠂ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠬᠠᠭᠤᠯᠪᠤᠷᠢᠯᠠᠵᠤ ᠳᠡᠯᠭᠡᠷᠡᠭᠦᠯᠵᠦ ᠪᠣᠯᠬᠤ ᠰᠢᠨ᠎ᠡ ᠶᠢ ᠡᠭᠦᠳᠬᠦ ᠦᠷ᠎ᠡ ᠪᠦᠲᠦᠭᠡᠯ ᠪᠣᠯᠤᠨ ᠪᠦᠬᠦ ᠤᠯᠤᠰ ᠲᠤ ᠨᠥᠯᠥᠭᠡ ᠲᠠᠢ ᠥᠭᠡᠷᠡᠴᠢᠯᠡᠯᠲᠡ ᠶᠢᠨ ᠨᠡᠷ᠎ᠡ ᠲᠡᠮᠳᠡᠭᠳᠦ ᠲᠦᠷᠦᠯ ᠵᠦᠢᠯ ᠢ ᠡᠭᠦᠳᠬᠦ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠶ᠎ᠡ︾ ᠭᠡᠬᠦ ᠴᠢᠬᠤᠯᠠ ᠵᠣᠬᠢᠶᠠᠯ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠤ 15 ᠵᠦᠢᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢ ᠦᠨᠡᠨᠬᠦ ︽ᠤᠨᠤᠯ︾ ᠠᠴᠠ ︽ᠪᠤᠳᠠᠳᠠᠢ︾ ᠳᠤ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠵᠦ᠂  ᠰᠢᠨ᠎ᠡ ᠤᠷᠤᠰᠬᠠᠯ ᠢ ᠲᠠᠭᠠᠬᠤ ︾ ᠬᠠᠷᠠᠯᠲᠠ ᠶᠢ ᠪᠡᠶᠡᠯᠡᠭᠦᠯᠬᠦ ᠳᠤ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠃ ᠪᠠᠳᠤᠯᠠᠭᠠᠳᠤ ᠲᠤᠰᠢᠶᠠᠬᠤ ᠠᠰᠠᠷ ᠤᠨ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠲᠦᠷᠦᠯ ᠵᠦᠢᠯ ᠤᠨ ᠦᠷ᠎ᠡ ᠪᠦᠲᠦᠮᠵᠢᠲᠡᠢ ᠶᠠᠪᠤᠭᠳᠠᠬᠤ ᠶᠢ ᠪᠠᠲᠤᠯᠠᠵᠤ᠂ ᠲᠦᠷᠦᠯ ᠵᠦᠢᠯ ᠢ ᠰᠢᠯᠭᠠᠨ ᠠᠪᠬᠤ ᠶᠢ ᠵᠡᠷᠭᠡᠪᠡᠷ ᠠᠬᠢᠭᠤᠯᠵᠤ᠂ ᠣᠨ ᠤ ᠡᠭᠦᠷᠭᠡ ᠪᠠᠨ ᠶᠠᠰᠤ ᠴᠢᠨᠠᠷ ᠲᠠᠢ ᠪᠠᠲᠤᠯᠠᠨ ᠪᠡᠶᠡᠯᠡᠭᠦᠯᠬᠦ ᠬᠡᠷᠡᠭᠲᠡᠢ᠃ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠦ᠂ ᠰᠤᠯᠠ ᠪᠠᠶᠢᠬᠤ ᠭᠠᠵᠠᠷ ᠰᠢᠷᠣᠢ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠨᠥᠬᠦᠴᠡᠯ ᠢ ᠬᠠᠩᠭᠠᠬᠤ ᠲᠦᠷᠦᠯ ᠵᠦᠢᠯ ᠢ ᠲᠠᠸᠠᠷ ᠤᠨ ᠣᠷᠣᠨ ᠰᠠᠭᠤᠴᠠ ᠶᠢᠨ ᠲᠦᠷᠦᠯ ᠵᠦᠢᠯ ᠤᠨ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠤᠨ ᠰᠢᠢᠳᠪᠦᠷᠢᠯᠡᠬᠦ ᠬᠡᠪᠴᠢᠶᠡᠨ ᠳᠤ ᠣᠷᠣᠭᠤᠯᠵᠤ᠂ ᠲᠦᠷᠦᠯ ᠵᠦᠢᠯ ᠢ ᠴᠠᠭ ᠲᠤᠬᠠᠢ ᠳᠤᠨᠢ ᠴᠢᠨᠠᠷ ᠢ ᠪᠠᠲᠤᠯᠠᠨ ᠲᠤᠰᠢᠶᠠᠨ ᠬᠡᠷᠡᠭᠯᠡᠭᠦᠯᠬᠦ ᠶᠢ ᠠᠬᠢᠭᠤᠯᠬᠤ ᠬᠡᠷᠡᠭᠲᠡᠢ᠃ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠭᠦᠢᠴᠡᠳ ᠰᠠᠶᠢᠲᠤᠷ ᠬᠡᠷᠡᠭᠯᠡᠵᠦ᠂ ᠨᠠᠩ ᠣᠯᠠᠨ ᠲᠥᠷᠥᠯ ᠵᠦᠢᠯ ᠢ ︽ᠴᠠᠭᠠᠨ ᠨᠡᠷᠡᠰ︾ ᠲᠤ ᠣᠷᠣᠭᠤᠯᠤᠨ ᠪᠠᠯᠠ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠬᠦᠴᠦᠯᠡᠨ ᠰᠢᠢᠳᠪᠦᠷᠢᠯᠡᠬᠦ ᠬᠡᠷᠡᠭᠳᠡᠢ ᠃ ᠵᠠᠰᠠᠭ ᠤᠨ ᠣᠷᠳᠣᠨ ᠤ ᠡᠭᠡᠭᠦᠯᠦᠨ ᠬᠤᠳᠠᠯᠳᠤᠨ ᠠᠪᠬᠤ ᠲᠠᠸᠠᠷ ᠤᠨ ᠬᠡᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠳᠤ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠢ ᠲᠥᠷᠥᠯ ᠬᠤᠪᠢᠶᠠᠨ ᠰᠢᠢᠳᠪᠦᠷᠢᠯᠡᠬᠦ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ ᠵᠢᠷᠤᠮᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠃ ᠣᠷᠣᠨ ᠰᠠᠭᠤᠴᠠ ᠶᠢᠨ ᠪᠠᠲᠤᠯᠠᠭ᠎ᠠ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠣᠯᠤᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠦᠷᠭᠡᠳᠬᠡᠨ ᠠᠬᠢᠭᠤᠯᠵᠤ᠂ ᠠᠶᠢᠮᠠᠭ ᠬᠤᠳᠠ ᠶᠢ ᠵᠢᠯᠣᠭᠤᠳᠤᠨ ᠪᠦᠬᠦ ᠬᠦᠴᠦᠨ ᠢᠶᠠᠷ ᠢᠶᠠᠨ ᠬᠤᠷᠳᠤᠴᠠ ᠪᠠᠨ ᠳᠡᠭᠡᠭᠰᠢᠯᠡᠭᠦᠯᠵᠦ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠶᠢ ᠪᠠᠲᠤᠯᠠᠵᠤ᠂ ᠲᠦᠷᠦᠯ ᠵᠦᠢᠯ ᠪᠤᠯᠭᠠᠨ ᠢ ᠨᠠᠶᠢᠳᠠᠪᠦᠷᠢᠵᠢᠭᠤᠯᠵᠤ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠬᠤ ᠬᠡᠷᠡᠭᠲᠡᠢ᠃ ︽ᠵᠧᠵᠢᠶᠠᠩ ᠤᠨ ᠵᠠᠭᠪᠤᠷ︾ ᠢ ᠰᠤᠷᠤᠯᠴᠠᠨ ᠲᠤᠯᠢᠳᠠᠵᠤ᠂ ᠥᠮᠴᠢᠲᠡᠳ ᠠᠴᠠ ᠪᠡᠯᠡ ᠮᠥᠩᠭᠦ ᠴᠤᠭᠯᠠᠭᠤᠯᠬᠤ᠂ ᠥᠪᠡᠷ ᠢᠶᠠᠨ ᠨᠤᠷᠠᠭᠠᠵᠤ ᠥᠪᠡᠷ ᠢᠶᠠᠨ ᠪᠠᠶᠢᠭᠤᠯᠬᠤ ᠥᠪᠡᠷ ᠢᠶᠠᠨ ᠥᠭᠡᠷᠡᠴᠢᠯᠡᠬᠦ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠤᠯᠠᠨ ᠲᠦᠮᠡᠨ ᠢ ︽ᠪᠤᠰᠤᠳ ᠢᠶᠠᠷ ᠥᠭᠡᠷᠡᠴᠢᠯᠡᠭᠦᠯᠬᠦ︾ ᠠᠴᠠ ︽ᠦᠪᠡᠷ ᠢᠶᠠᠨ ᠥᠭᠡᠷᠡᠴᠢᠯᠡᠬᠦ︾ ᠪᠤᠯᠭᠠᠵᠤ ᠂ ᠥᠮᠴᠢᠲᠡᠨ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
W020240625326635861470.png
    ᠬᠤᠷᠠᠯ ᠠᠴᠠ᠂ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠣᠯᠠᠨ ᠤ ᠰᠡᠳᠬᠢᠯ ᠤᠨ ᠬᠦᠴᠢᠷᠳᠡᠯ᠂ ᠠᠮᠢᠳᠤᠷᠠᠯ ᠤᠨ ᠪᠠᠴᠢᠮ᠂ ᠬᠥᠭᠵᠢᠯᠲᠡ ᠶᠢᠨ ᠵᠣᠪᠠᠨᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢᠨ 33  ᠵᠦᠢᠯ ᠤᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠣᠷᠣᠨ ᠤ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠡᠳ᠋ᠯᠡᠭᠦᠯᠬᠦ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠶᠢ ᠴᠢᠩᠭᠠᠳᠬᠠᠵᠤ᠂ ᠠᠵᠤ ᠠᠬᠤᠶᠢᠯᠠᠯ ᠣᠯᠠᠨ ᠲᠦᠮᠡᠨ ᠳᠤ ᠠᠮᠠᠷᠬᠠᠨ ᠤᠶᠢᠯᠠᠭᠠᠬᠤ᠂ ᠨᠠᠷᠢᠯᠢᠭ ᠤᠨᠤᠴᠢᠳᠠᠢ᠂ ᠪᠡᠶᠡᠴᠢᠯᠡᠨ ᠣᠶᠢᠯᠠᠭᠠᠬᠤ ᠵᠠᠰᠠᠭ ᠤᠨ ᠶᠠᠪᠤᠳᠠᠯ ᠢ ᠢᠯᠡ ᠪᠣᠯᠭᠠᠬᠤ ᠦᠢᠯᠡᠴᠢᠯᠡᠭᠡ ᠶᠢ ᠴᠢᠷᠮᠠᠶᠢᠨ ᠬᠠᠩᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠨᠠᠩ ᠲᠤᠳᠤᠨᠤᠰᠤᠭ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠰᠡᠳᠬᠢᠯ ᠠᠮᠤᠷ ᠪᠣᠯᠭᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠣᠷᠣᠨ ᠰᠠᠭᠤᠴᠠ  ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠤᠳᠠ ᠬᠥᠳᠡᠭᠡ ᠶᠢᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ ᠲᠦᠷᠭᠡᠨ ᠨᠥᠬᠦᠪᠥᠷᠢᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠬᠤᠳᠠ ᠶᠢᠨ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠲᠠ ᠬᠥᠳᠡᠭᠡ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠤᠨ ᠢᠯᠠᠯᠲᠠ ᠶᠢ ᠡᠷᠡᠰ ᠲᠡᠮᠡᠴᠡᠨ ᠣᠯᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠦᠨᠡᠨᠬᠦ ᠠᠳᠬᠤᠨ ᠪᠣᠳᠠᠲᠠᠢ ᠰᠤᠷᠤᠯᠴᠠᠵᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ᠂ ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ ᠪᠠᠲᠤ ᠶᠢ ᠮᠡᠳᠡᠬᠦ ᠰᠠᠬᠢᠯᠭ᠎ᠠ ᠪᠠᠲᠤ ᠶᠢ ᠣᠶᠢᠯᠠᠭᠠᠬᠤ ᠪᠠᠷ ᠰᠠᠬᠢᠯᠭ᠎ᠠ ᠪᠠᠲᠤ ᠶᠢ ᠵᠢᠷᠤᠮᠯᠠᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠴᠢᠩᠭᠠᠳᠬᠠᠬᠤ ᠶᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠬᠦᠨᠵᠡᠭᠡᠶᠢᠷᠡᠭᠦᠯᠬᠦ ᠬᠡᠷᠡᠭᠳᠡᠢ ᠭᠡᠵᠤ ᠴᠢᠬᠤᠯᠠᠴᠢᠯᠠᠪᠠ ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠤᠷᠢᠳ ᠢᠶᠠᠷ ᠪᠣᠳᠣᠯᠬᠢᠯᠠᠵᠤ᠂ ᠠᠷᠭ᠎ᠠ ᠬᠡᠮᠵᠢᠶ᠎ᠡ ᠪᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠭᠠᠯᠲᠤ ᠴᠢᠨᠠᠷ ᠢᠶᠠᠷ ᠠᠶᠤᠯ ᠲᠦᠭᠰᠢᠭᠦᠷᠢ ᠶᠢ ᠠᠷᠭᠠᠴᠠᠭᠠᠬᠤ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠬᠡᠷᠡᠭᠲᠡᠢ᠃ ᠬᠤᠳᠠ ᠶᠢᠨ ᠤᠰᠤ ᠭᠠᠳᠠᠭᠰᠢᠯᠠᠭᠤᠯᠬᠤ ᠤᠰᠤᠲᠤᠯ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠭᠠᠵᠠᠷ ᠳᠣᠣᠷᠠᠬᠢ ᠣᠷᠣᠨ ᠵᠠᠢ ᠶᠢᠨ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠤᠰᠤᠲᠤᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠵᠦᠷᠢᠯᠢᠭ ᠬᠥᠭᠦᠷᠭᠡ ᠂ ᠬᠥᠭᠦᠷᠭᠡ ᠶᠢᠨ ᠭᠤᠯᠳᠤᠩ᠂ ᠨᠦᠬᠡᠨ ᠵᠠᠮ᠂ ᠬᠤᠲᠣᠭᠤᠷ ᠭᠠᠵᠠᠷ ᠣᠷᠣᠨ᠂ ᠪᠠᠷᠢᠯᠭ᠎ᠠ ᠶᠢᠨ ᠭᠠᠵᠠᠷ ᠤᠨ ᠭᠦᠨ ᠂ ᠰᠠᠭᠤᠷᠢ ᠨᠦᠬᠡ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠪᠦᠷᠢᠨ ᠢ ᠬᠠᠮᠦᠷᠠᠭᠤᠯᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠲᠠ ᠶᠢᠨ ᠠᠮᠠᠷᠬᠠᠨ ᠤᠰᠤᠲᠤᠬᠤ ᠭᠠᠵᠠᠷ ᠢ ᠴᠡᠭᠴᠡᠯᠡᠨ ᠵᠠᠰᠠᠬᠤ ᠶᠢ ᠲᠦᠷᠭᠡᠳᠬᠡᠨ᠂ ᠪᠠᠭᠤᠷᠠᠶ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠳᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠤᠳᠠ ᠶᠢᠨ ᠤᠶᠠᠨ ᠬᠠᠳᠠᠨ ᠴᠢᠨᠠᠷ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠦᠬᠦ ᠶᠠᠪᠤᠴᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠲᠦᠷᠦᠯ ᠤᠨ ᠬᠤᠳᠠ ᠶᠢᠨ ᠠᠶᠤᠯ ᠲᠦᠭᠰᠢᠭᠦᠷᠢ ᠶᠢ ᠣᠶᠤᠨᠴᠢ ᠮᠡᠳᠡᠷᠡᠮᠵᠢ᠂ ᠤᠨᠢᠨ ᠳᠡᠭᠡᠷ᠎ᠡ ᠨᠢ ᠰᠤᠳᠤᠯᠤᠨ ᠮᠠᠭᠠᠳᠯᠠᠬᠤ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠪᠠ ᠪᠦᠲᠦᠮᠵᠢᠲᠡᠢ ᠬᠠᠮᠢᠶᠠᠷᠤᠨ ᠡᠵᠡᠮᠳᠡᠬᠦ ᠶᠢ ᠬᠦᠴᠦᠯᠡᠨ ᠪᠡᠶᠡᠯᠡᠭᠦᠯᠵᠦ᠂ ᠡᠷᠲᠡ ᠠᠴᠠ ᠠᠳᠬᠤᠬᠤ᠂ ᠪᠠᠭ᠎ᠠ ᠠᠴᠠ ᠨᠢ ᠠᠳᠬᠤᠬᠤ᠂ ᠴᠤᠬᠤᠶᠢᠯᠲᠠ ᠶᠢ ᠠᠳᠬᠤᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠡᠩᠨᠡᠭᠡ᠂ ᠲᠣᠨᠤᠭ ᠲᠥᠬᠦᠭᠡᠷᠦᠮᠵᠢ ᠪᠠ ᠡᠳ᠋ ᠪᠣᠳᠠᠰ ᠤᠨ ᠪᠡᠯᠡᠳᠬᠡᠯ ᠢ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠭᠠᠷᠪᠠᠯ ᠴᠠᠭ ᠲᠤᠬᠠᠢ ᠳᠤᠨᠢ ᠰᠢᠢᠳᠪᠦᠷᠢᠯᠡᠬᠦ᠂ ᠪᠦᠲᠦᠮᠵᠢᠲᠡᠶ ᠠᠷᠭᠠᠴᠠᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠶᠣᠣ ᠴᠢ ᡁᠢ ᠳᠤ ᠥᠭᠭᠦᠭᠰᠡᠨ ᠴᠢᠬᠤᠯᠠ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠲᠠᠰᠤᠷᠠᠯᠲᠠ ᠥᠬᠡᠶ ᠬᠥᠭᠵᠢᠭᠡᠵᠦ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠴᠢᠩᠭᠠᠳᠬᠠᠬᠤ ᠬᠡᠷᠡᠭᠲᠡᠶ᠃ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠪᠠᠷᠢᠯᠭ᠎ᠠ ᠶᠢᠨ ᠠᠵᠤ ᠦᠢᠯᠡᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠳᠠᠨ ᠠᠵᠢᠯᠴᠢᠨ ᠤ ᠰᠤᠷᠭᠠᠨ ᠬᠥᠮᠦᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠡᠷᠴᠢᠮ ᠢ ᠴᠢᠩᠭᠠᠷᠠᠭᠤᠯᠵᠤ᠂ ᠨᠡᠩ ᠤᠯᠠᠨ ︽ᠤᠷᠠᠨ ᠳᠠᠷᠬᠠᠨ︾᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ᠪᠠᠷᠢᠯᠭ᠎ᠠ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠴᠢᠬᠤᠯᠠ ᠠᠷᠠᠳ ᠤᠨ ᠠᠮᠢᠳᠤᠷᠠᠯ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ᠠᠵᠢᠯ ᠲᠥᠷᠥᠯ ᠤᠨ ᠤᠬᠠᠭᠤᠯᠭ᠎ᠠ ᠶᠢ ᠰᠠᠶᠢᠲᠤᠷ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠥᠯᠢᠭᠡᠷ ᠢ ᠰᠠᠶᠢᠲᠤᠷ ᠶᠠᠷᠢᠵᠤ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠰᠠᠶᠢᠲᠤᠷ ᠠᠳᠬᠤᠵᠤ᠂ ᠠᠵᠢᠯ ᠲᠥᠷᠥᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ᠂ ᠵᠠᠯᠠᠭᠤ ᠣᠷᠦ᠋ᠢᠯᠠᠭᠰᠠᠨ ᠴᠢᠳᠠᠪᠤᠷᠢᠲᠠᠨ ᠵᠡᠷᠭᠡ ᠶᠢ ᠰᠢᠯᠭᠠᠷᠠᠭᠤᠯᠤᠨ ᠬᠥᠬᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠤᠨ ᠲᠠᠲᠠᠬᠤ ᠬᠦᠴᠦᠨ ᠪᠠ ᠴᠢᠳᠠᠪᠤᠷᠢᠲᠠᠨ ᠤ ᠥᠷᠲᠡᠭ ᠤᠨ ᠲᠥᠷᠥᠭᠳᠡᠯ ᠢ ᠳᠡᠭᠡᠭᠰᠢᠯᠡᠭᠦᠯᠦᠨ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠴᠤᠭᠯᠠᠭᠤᠯᠤᠨ ᠣᠷᠣᠨ ᠰᠠᠭᠤᠴᠠ  ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠲᠤ ᠣᠷᠣᠯᠴᠠᠭᠤᠯᠬᠤ ᠬᠡᠷᠡᠭᠲᠡᠶ᠃ ᠲᠢᠩᠬᠢᠮ ᠤᠨ ᠰᠢᠰᠲ᠋ᠧᠮ ᠤᠨ ᠴᠢᠳᠠᠪᠤᠷᠢᠲᠠᠨ ᠢ ᠬᠥᠮᠦᠵᠢᠭᠦᠯᠬᠦ᠂ ᠰᠣᠩᠭᠤᠬᠤ᠂ ᠬᠠᠮᠢᠶᠠᠷᠬᠤ᠂ ᠬᠡᠷᠡᠭᠯᠡᠬᠦ ᠠᠵᠢᠯ ᠢ ᠰᠠᠶᠢᠲᠤᠷ ᠠᠳᠬᠤᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠨ᠂ ᠡᠯ᠎ᠡ ᠱᠠᠲᠤᠨ ᠤ ᠺᠠᠳ᠋ᠷ ᠠᠵᠢᠯᠳᠠᠨ ᠠᠵᠢᠯᠴᠢᠨ ᠤ ᠢᠳᠡᠪᠬᠢᠵᠢᠯ ᠢ ᠭᠦᠢᠴᠡᠳ ᠳᠠᠶᠢᠴᠢᠯᠠᠨ ᠪᠠᠳᠠᠷᠠᠭᠤᠯᠵᠤ᠂ ᠬᠥᠮᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠬᠤᠪᠢ ᠪᠡᠶ᠎ᠡ ᠴᠢᠳᠠᠪᠤᠷᠢ ᠶᠢ ᠨᠢ ᠪᠠᠳᠠᠷᠠᠭᠤᠯᠬᠤ ᠬᠡᠷᠡᠭᠲᠡᠢ ᠭᠡᠵᠤ ᠱᠠᠭᠠᠷᠳᠠᠪᠠ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠬᠡᠷ