ᠨᠢᠭᠡ᠂ ᠵᠠᠰᠠᠪᠦᠷᠢ ᠤᠷᠤᠭᠤᠯᠤᠭᠰᠠᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠪᠠ ᠪᠣᠯᠪᠠᠰᠤᠨ ᠢᠶᠠᠷ ᠪᠠᠷᠢᠯᠭ᠎ᠠ ᠪᠠᠷᠢᠬᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ | ᠭᠠᠵᠠᠷ ᠢ ᠰᠢᠯᠭᠠᠷᠠᠭᠤᠯᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾᠂ ︽ᠪᠠᠷᠢᠯᠭ᠎ᠠ ᠶᠢᠨ ᠠᠶᠦᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ︾᠂ ︽ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢ ᠰᠢᠯᠭᠠᠨ ᠦᠨᠡᠯᠡᠬᠦ ᠲᠦᠷ ᠬᠡᠷᠡᠭᠵᠢᠭᠦᠯᠬᠦ ᠠᠷᠭ᠎ᠠ︾ ︵ | ᠪᠠᠷᠢᠯᠭ᠎ᠠ ᠴᠢᠨᠠᠷ ﹇ 2014﹈ 111 ᠨᠤᠮᠧᠷᠳᠦ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠵᠢᠷᠤᠮᠵᠢᠯ ᠪᠠᠷᠢᠮᠵᠢᠶ᠎ᠠ ᠶᠢ ᠦᠨᠳᠦᠰᠦᠯᠡᠨ᠂ | ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠦᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠠᠷᠭ᠎ᠠ︾ ᠳᠤ ᠵᠠᠰᠠᠪᠦᠷᠢ ᠤᠷᠤᠭᠤᠯᠪᠠ᠃ | ᠬᠤᠶᠠᠷ᠂ ᠭᠤᠣᠯ ᠠᠭᠤᠯᠭ᠎ᠠ | ᠲᠣᠰ ᠠᠷᠭ᠎ᠠ ᠨᠢ ᠨᠡᠶᠢᠲᠡ ᠵᠢᠷᠭᠤᠭᠠᠨ ᠪᠦᠯᠦᠭ᠂ ᠶᠡᠷᠦᠩᠬᠡᠶ ᠲᠦᠷᠢᠮ᠂ ᠭᠤᠶᠤᠴᠢᠯᠠᠨ ᠮᠡᠳᠡᠭᠦᠯᠬᠦ ᠨᠥᠬᠦᠴᠡᠯ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ | ᠶᠠᠪᠤᠴᠠ ᠶᠢ ᠡᠵᠡᠮᠳᠡᠬᠦ᠂ ᠬᠢᠨᠠᠨ ᠬᠠᠷᠭᠤᠭᠤᠯᠵᠤ ᠦᠨᠡᠯᠡᠨ ᠲᠣᠭᠲᠠᠭᠠᠬᠤ᠂ ᠳᠠᠭᠠᠯᠳᠤᠭᠤᠯᠤᠭᠰᠠᠨ ᠲᠦᠷᠢᠮ ᠢ ᠪᠠᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ | ᠰᠢᠯᠭᠠᠷᠠᠭᠤᠯᠬᠤ ᠶᠢᠨ ᠦᠨᠳᠦᠰᠦᠯᠡᠯ᠂ ᠬᠦᠷᠢᠶ᠎ᠡ ᠬᠡᠪᠴᠢᠶ᠎ᠡ᠂ ᠰᠢᠯᠭᠠᠷᠠᠭᠤᠯᠤᠯᠳᠠ ᠳᠤ ᠣᠷᠣᠯᠴᠠᠬᠤ ᠪᠠᠷᠢᠯᠭ᠎ᠠ ᠶᠢᠨ ᠲᠥᠷᠥᠯ ᠵᠦᠢᠯ ᠤᠨ ᠨᠥᠬᠦᠴᠡᠯ᠂ ᠭᠤᠶᠤᠴᠢᠯᠠᠨ | ᠮᠡᠳᠡᠭᠦᠯᠵᠦ ᠰᠢᠯᠭᠠᠷᠠᠭᠤᠯᠬᠤ ᠮᠠᠲ᠋ᠧᠷᠢᠶᠠᠯ᠂ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠤᠨ ᠲᠣᠭᠲᠠᠴᠠ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃ | ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ︵ᠨᠢᠭᠡ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ | ᠡᠭᠦᠳᠬᠦ ᠶᠢ ᠵᠤᠷᠢᠭᠵᠢᠭᠤᠯᠬᠤ ᠶᠢᠨ ᠲᠦᠯᠦᠭᠡ᠂ ᠠᠶᠢᠮᠠᠭ ᠬᠤᠲᠠ ᠶᠢᠨ ᠲᠥᠪ ᠬᠤᠲᠠ ᠶᠢᠨ ᠲᠣᠭᠤᠷᠢᠭ ᠪᠠ ᠪᠤᠰᠤᠳ ᠣᠷᠣᠨ ᠪᠦᠰᠡ ᠶᠢᠨ ᠭᠤᠶᠤᠴᠢᠯᠠᠨ ᠮᠡᠳᠡᠭᠦᠯᠬᠦ | ᠨᠥᠬᠦᠴᠡᠯ ᠨᠢ ᠢᠯᠭᠠᠭ᠎ᠠ ᠲᠠᠢ ᠪᠥᠭᠡᠳ ᠲᠠᠩ ᠴᠣᠭᠴᠠᠲᠤ ᠪᠠᠷᠢᠯᠭ᠎ᠠ ᠶᠢᠨ ᠭᠤᠶᠤᠴᠢᠯᠠᠨ ᠮᠡᠳᠡᠭᠦᠯᠬᠦ ᠲᠠᠯᠠᠪᠠᠢ ᠶᠢ ᠪᠠᠭᠤᠷᠠᠭᠤᠯᠪᠠ᠃ | ︵ᠬᠤᠶᠠᠷ︶ ᠰᠢᠨ᠎ᠡ ᠶᠢ ᠡᠭᠦᠳᠬᠦ ᠶᠢ ᠵᠤᠷᠢᠭᠵᠢᠭᠤᠯᠪᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠠᠷᠢᠯᠭ᠎ᠠ ᠶᠢᠨ ᠠᠮᠤᠷ ᠲᠦᠪᠰᠢᠨ ᠤ | ᠰᠢᠨ᠎ᠡ ᠮᠡᠷᠭᠡᠵᠢᠯ᠂ ᠰᠢᠨ᠎ᠡ ᠭᠠᠷ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢ ᠬᠡᠷᠡᠭᠯᠡᠬᠦ ᠪᠤᠶᠤ ᠠᠵᠤ ᠠᠬᠤᠶᠢᠯᠠᠯ ᠨᠢ ᠪᠠᠷᠢᠯᠭ᠎ᠠ ᠶᠢᠨ ᠠᠮᠤᠷ | ᠲᠦᠪᠰᠢᠨ ᠤ ᠬᠠᠮᠢᠶᠠᠷᠤᠯᠲᠠ᠂ ᠪᠣᠬᠢᠷᠲᠤᠯ ᠦᠭᠡᠶ ᠪᠠᠷᠢᠯᠭ᠎ᠠ ᠶᠢᠨ ᠠᠵᠢᠯ ᠤᠨ ᠲᠠᠯ᠎ᠠ ᠪᠠᠷ ᠡᠵᠡᠨ ᠮᠡᠳᠡᠵᠦ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠲᠠᠢ ᠪᠠᠶᠢᠪᠠᠯ᠂ | ᠤᠷᠢᠳᠠᠪᠠᠷ ᠰᠢᠯᠭᠠᠷᠠᠭᠤᠯᠤᠨ᠎ᠠ᠃ | ︵ᠭᠤᠷᠪᠠ︶ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠪᠤᠶᠤ ᠵᠣᠬᠢᠬᠤ ᠬᠡᠪᠴᠢᠶ᠎ᠡ ᠠᠴᠠ ᠬᠡᠲᠦᠷᠡᠭᠰᠡᠨ ᠲᠦᠭᠰᠢᠭᠦᠷᠢᠲᠦ ᠴᠢᠨᠠᠷ ᠢᠶᠠᠷ ᠨᠡᠯᠢᠶᠡᠳ ᠶᠡᠭᠡ | ᠬᠡᠪ ᠬᠠᠪᠲᠠᠰᠤ ᠪᠠᠷᠢᠯᠭ᠎ᠠ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠰᠢᠯᠭᠠᠷᠠᠭᠤᠯᠤᠯᠳᠠ ᠳᠤ ᠤᠷᠤᠵᠤ ᠪᠤᠯᠬᠤ ᠦᠭᠡᠶ᠃ | ᠳᠥᠷᠪᠡ᠂ ᠠᠰᠠᠭᠤᠯᠲᠠ ᠬᠠᠷᠢᠭᠤᠯᠲᠠ | ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ | ᠭᠠᠵᠠᠷ ᠢ ᠰᠢᠯᠭᠠᠷᠠᠭᠤᠯᠬᠤ ᠴᠠᠭ ᠨᠢ ᠬᠡᠵᠢᠶ᠎ᠡ ᠪᠤᠯ︖ | ᠬᠠᠷᠢᠭᠤᠯᠲᠠ᠄ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠰᠦᠯᠵᠢᠶᠡᠨ ᠳᠡᠭᠡᠷ᠎ᠡ ᠮᠡᠳᠡᠭᠦᠯᠦᠨ ᠬᠦᠷᠭᠡᠬᠦ ᠶᠢᠨ ᠬᠠᠮᠲᠤ ᠪᠢᠴᠢᠭ ᠤᠨ | ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠦᠨ | ᠬᠦᠷᠭᠡᠨ᠎ᠡ᠃ ᠬᠤᠭᠤᠴᠠᠭ᠎ᠠ ᠥᠩᠭᠡᠷᠡᠲᠡᠯ᠎ᠡ ᠮᠡᠳᠡᠭᠦᠯᠦᠭᠰᠡᠨ ᠦᠭᠡᠶ ᠪᠣᠯ ᠳᠠᠬᠢᠨ ᠬᠦᠯᠢᠶᠡᠨ ᠠᠪᠬᠤ ᠦᠭᠡᠶ᠃ | ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ | ᠭᠠᠵᠠᠷ ᠤᠨ ᠮᠡᠳᠡᠭᠦᠯᠬᠦ ᠮᠠᠲ᠋ᠧᠷᠢᠶᠠᠯ ᠨᠢ ᠶᠠᠭᠤ ᠪᠣᠶ︖ | ᠬᠠᠷᠢᠭᠤᠯᠲᠠ᠄ ᠮᠡᠳᠡᠭᠦᠯᠬᠦ ᠮᠠᠲ᠋ᠧᠷᠢᠶᠠᠯ ᠳᠤ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠮᠡᠳᠡᠭᠦᠯᠬᠦ ᠬᠦᠰᠦᠨᠦᠭᠲᠦ︔ | ︵ᠬᠤᠶᠠᠷ︶᠂ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ︔ | ︵ᠭᠤᠷᠪᠠ︶ ᠪᠠᠷᠢᠯᠭ᠎ᠠ ᠪᠠᠷᠢᠬᠤ ᠵᠦᠪᠰᠢᠶᠡᠷᠡᠯ ᠤᠨ ᠦᠨᠡᠮᠯᠡᠯ᠂ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ︔ | ︵ᠲᠦᠷᠪᠡ︶ ᠠᠵᠥ ᠠᠬᠤᠶᠢᠯᠠᠯ ᠤᠨ ᠳᠤᠭᠳᠠᠭᠠᠭᠰᠠᠨ ᠠᠶᠤᠯᠬᠦᠢ ᠥᠢᠯᠠᠳᠪᠤᠷᠢᠯᠠᠯ ᠤᠨ ᠬᠠᠮᠢᠶᠠᠷᠤᠯᠳᠠ ᠶᠢᠨ ᠬᠡᠯᠡᠯᠴᠡᠭᠡᠷ︔ | ︵ᠲᠠᠪᠤ︶ ᠮᠡᠳᠡᠭᠦᠯᠬᠦ ᠨᠥᠬᠦᠴᠡᠯ ᠳᠤ ᠱᠠᠭᠠᠷᠳᠠᠭᠰᠠᠨ ᠬᠠᠮᠢᠶ᠎ᠠ ᠪᠦᠬᠦᠢ ᠬᠥᠮᠦᠰ ᠤᠨ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ | ᠦᠨᠡᠮᠯᠡᠯ ᠵᠡᠷᠭᠡ ᠮᠠᠲ᠋ᠧᠷᠢᠶᠠᠯ᠃ | ᠠᠰᠠᠭᠤᠯᠲᠠ᠄ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ | ᠭᠠᠵᠠᠷ ᠢ ᠭᠤᠶᠤᠴᠢᠯᠠᠨ ᠮᠡᠳᠡᠭᠦᠯᠬᠦ ᠳᠤ ᠶᠠᠮᠠᠷ ᠶᠠᠮᠠᠷ ᠨᠥᠬᠦᠴᠡᠯ ᠢ ᠬᠠᠩᠭᠠᠬᠤ ᠬᠡᠷᠡᠭᠳᠡᠢ ᠪᠠᠶᠢᠬᠤ ᠪᠣᠢ︖ | ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢᠶᠠᠷ ᠭᠤᠶᠤᠴᠢᠯᠠᠨ ᠮᠡᠳᠡᠭᠦᠯᠬᠦ ᠳᠤ ᠳᠣᠣᠷᠠᠬᠢ ᠨᠥᠬᠦᠴᠡᠯ ᠢ | ᠬᠠᠩᠭᠠᠬᠤ ᠬᠡᠷᠡᠭᠲᠡᠶ᠄ | ︵ᠨᠢᠭᠡ︶ ᠪᠠᠷᠢᠯᠭ᠎ᠠ ᠶᠢᠨ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠵᠢᠷᠤᠮ ᠳᠤ ᠨᠡᠶᠢᠴᠡᠵᠦ᠂ ᠪᠠᠷᠢᠯᠭ᠎ᠠ ᠶᠢᠨ ᠠᠵᠢᠯ ᠤᠨ ᠵᠦᠪᠰᠢᠶᠡᠷᠡᠯ ᠤᠨ ᠦᠨᠡᠮᠯᠡᠯ ᠢ | ᠨᠢᠭᠡᠨᠳᠡ ᠤᠯᠤᠭᠰᠠᠨ ᠪᠠᠶᠢᠬᠤ ᠬᠡᠷᠡᠭᠳᠡᠢ︔ | ︵ᠬᠤᠶᠠᠷ︶ ᠠᠶᠢᠮᠠᠭ ᠬᠤᠲᠠ ᠶᠢᠨ ᠲᠥᠪ ᠬᠤᠲᠠ ᠶᠢᠨ ᠲᠣᠭᠤᠷᠢᠭ ᠲᠠᠬᠢ ᠪᠠᠷᠢᠯᠭ᠎ᠠ ᠶᠢᠨ ᠲᠠᠯᠠᠪᠠᠶ ᠨᠢ 8000 ᠺᠦᠸᠠᠳ᠋ ᠮᠧᠲᠷ ᠠᠴᠠ ᠳᠡᠭᠡᠭᠰᠢᠬᠢ ᠬᠡᠷ | ᠪᠠᠶᠢᠰᠢᠩ ᠤᠨ ᠪᠠᠷᠢᠯᠭ᠎ᠠ᠂ ᠪᠠᠷᠢᠯᠭ᠎ᠠ ᠶᠢᠨ ᠲᠠᠯᠠᠪᠠᠶ ᠨᠢ 30000 ᠺᠦᠸᠠᠳ᠋ ᠮᠧᠲᠷ ᠠᠴᠠ ᠳᠡᠭᠡᠭᠰᠢᠬᠢ ᠬᠠᠮᠲᠤᠯᠢᠭ ᠬᠡᠷ ᠪᠠᠶᠢᠰᠢᠩ ᠪᠤᠶᠤ ᠪᠠᠷᠢᠯᠭ᠎ᠠ ᠶᠢᠨ ᠥᠷᠲᠡᠭ ᠨᠢ | 5000 ᠲᠦᠮᠡᠨ ᠲᠥᠭᠦᠷᠢᠭ ᠠᠴᠠ ᠳᠡᠭᠡᠭᠰᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ︔ ᠠᠶᠢᠮᠠᠭ ᠬᠤᠲᠠ ᠶᠢᠨ ᠪᠤᠰᠤᠳ ᠣᠷᠣᠨ | ᠪᠦᠰᠡ ᠶᠢᠨ ᠳᠣᠲᠣᠷᠠᠬᠢ ᠪᠠᠷᠢᠯᠭ᠎ᠠ ᠶᠢᠨ ᠲᠠᠯᠠᠪᠠᠶ ᠨᠢ 5000 ᠺᠦᠸᠠᠳ᠋ ᠮᠧᠲᠷ ᠠᠴᠠ ᠳᠡᠭᠡᠭᠰᠢᠬᠢ ᠬᠡᠷ ᠪᠠᠶᠢᠰᠢᠩ ᠤᠨ ᠪᠠᠷᠢᠯᠭ᠎ᠠ᠂ ᠪᠠᠷᠢᠯᠭ᠎ᠠ ᠶᠢᠨ ᠲᠠᠯᠠᠪᠠᠶ ᠨᠢ | 20000 ᠺᠦᠸᠠᠳ᠋ ᠮᠧᠲᠷ ᠠᠴᠠ ᠳᠡᠭᠡᠭᠰᠢᠬᠢ ᠬᠠᠮᠲᠤᠯᠢᠭ ᠭᠡᠷ ᠪᠠᠶᠢᠰᠢᠩ ᠤᠨ ᠪᠠᠷᠢᠯᠭ᠎ᠠ ᠪᠤᠶᠤ ᠪᠠᠷᠢᠯᠭ᠎ᠠ ᠶᠢᠨ ᠥᠷᠲᠡᠭ ᠨᠢ 3000 ᠲᠦᠮᠡᠨ ᠲᠥᠭᠦᠷᠢᠭ ᠠᠴᠠ | ᠳᠡᠭᠡᠭᠰᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠤᠶᠤᠨᠲᠤ ᠪᠠᠷᠢᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠪᠠ ᠪᠠᠷᠢᠯᠭ᠎ᠠ ᠶᠢᠨ | ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠨᠢᠭᠡᠨᠲᠡ | ᠬᠡᠷᠡᠭᠯᠡᠭᠰᠡᠨ︔ | ︵ᠲᠦᠷᠪᠡ︶ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢᠭᠡᠨᠲᠡ ᠤᠯᠤᠭᠰᠠᠨ︔ ᠶᠡᠷᠦᠩᠬᠡᠢ ᠳᠠᠭᠠᠭᠠᠴᠢᠯᠠᠭᠰᠠᠨ ᠠᠵᠤ | ᠠᠬᠤᠶᠢᠯᠠᠯ ᠬᠢᠭᠡᠳ ᠬᠤᠪᠢᠶᠠᠨ ᠳᠠᠭᠠᠭᠠᠴᠢᠯᠠᠭᠰᠠᠨ ᠠᠵᠤ ᠠᠬᠤᠶᠢᠯᠠᠯ ᠨᠢᠭᠡᠨᠲᠡ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠡᠯᠡᠯᠴᠡᠭᠡᠷ ᠲᠤ ᠭᠠᠷ ᠤᠨ | ᠦᠰᠦᠭ ᠵᠢᠷᠤᠭᠰᠠᠨ︔ ᠠᠶᠤᠯᠭᠦᠢ ᠦᠢᠯᠡᠳᠪᠦᠷᠢᠯᠡᠯ ᠤᠨ ᠪᠠᠳᠤᠯᠠᠭ᠎ᠠ ᠶᠢᠨ ᠰᠢᠰᠲ᠋ᠧᠮ ᠪᠠ ᠬᠠᠮᠢᠶᠠᠷᠤᠯᠲᠠ ᠶᠢᠨ ᠳᠦᠷᠢᠮ ᠪᠦᠷᠢᠨ ᠲᠡᠭᠦᠯᠳᠡᠷ᠂ ᠲᠤᠰᠬᠠᠢ | ᠲᠤᠰᠢᠶᠠᠯᠲᠤ ᠠᠶᠤᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠤᠯᠲᠠ ᠨᠢ ᠳᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ︔ | ︵ᠲᠠᠪᠤ︶ ᠲᠥᠷᠥᠯ ᠵᠦᠢᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠲᠤᠰᠬᠠᠶ ᠲᠤᠰᠢᠶᠠᠯᠳᠦ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ᠂ | ᠲᠥᠷᠥᠯ ᠵᠦᠢᠯ ᠤᠨ ᠶᠡᠷᠦᠩᠬᠡᠶ ᠬᠢᠨᠠᠨ ᠬᠠᠮᠢᠶᠠᠷᠬᠤ ᠢᠨᠵᠧᠨᠧᠷ᠂ ᠬᠢᠨᠠᠨ ᠬᠠᠮᠢᠶᠠᠷᠬᠤ ᠬᠥᠮᠦᠰ ᠵᠢᠴᠢ ᠲᠤᠬᠠᠶ ᠶᠢᠨ ᠲᠠᠯᠠᠪᠠᠶ ᠶᠢᠨ ᠤᠨᠴᠠᠭᠠᠢ ᠲᠦᠷᠦᠯ ᠤᠨ ᠠᠵᠢᠯ | ᠡᠷᠬᠢᠯᠡᠭᠰᠡᠳ ᠲᠣᠭᠲᠠᠭᠠᠯ ᠶᠣᠰᠣᠭᠠᠷ ᠠᠵᠢᠯ ᠤᠨ ᠪᠠᠶᠢᠷᠢ ᠳᠤ ᠭᠠᠷᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠦᠨᠡᠮᠯᠡᠯ ᠲᠠᠢ ᠪᠠᠷ ᠠᠵᠢᠯ ᠤᠨ | ᠪᠠᠶᠢᠷᠢ ᠳᠤ ᠭᠠᠷᠤᠭᠰᠠᠨ ᠮᠥᠷᠲᠡᠭᠡᠨ ᠦᠨᠡᠮᠯᠡᠯ ᠨᠢ ᠬᠦᠴᠦᠨ ᠲᠠᠢ ᠬᠤᠭᠤᠴᠠᠭᠠᠨ ᠳᠣᠲᠣᠷ᠎ᠠ ᠪᠠᠶᠢᠬᠤ ᠬᠡᠷᠡᠭᠲᠡᠶ᠃ | |