ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠰᠦᠯᠵᠢᠶᠡᠨ ᠳᠡᠭᠡᠷ᠎ᠡ ︽ᠶᠡᠷᠦᠩᠬᠡᠶᠢᠯᠡᠨ ᠲᠤᠬᠢᠷᠠᠭᠤᠯᠬᠤ︾᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠤᠷᠰᠢᠯᠲᠠ ᠶᠢᠨ ᠠᠵᠢᠯ ᠢ ᠠᠬᠢᠭᠤᠯᠬᠤ ᠬᠤᠷᠠᠯ ᠵᠢᠴᠢ ᠵᠠᠷᠭᠤ ᠶᠢᠨ ᠢᠷᠡᠯᠳᠡ ᠶᠢᠨ ᠵᠠᠰᠠᠯᠲᠠ ᠪᠠ ᠬᠠᠤᠯᠢ ᠪᠠᠷ ᠵᠠᠰᠠᠬᠤ ᠰᠡᠳᠬᠢᠬᠦᠶ ᠶᠢ ᠳᠡᠭᠡᠭᠰᠢᠯᠡᠭᠦᠯᠬᠦ ᠪᠤᠯᠪᠠᠰᠤᠷᠠᠯ ᠤᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    7 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ  ᠢ ᠰᠦᠯᠵᠢᠶᠡᠨ ᠳᠡᠭᠡᠷ᠎ᠡ ︽ᠶᠡᠷᠦᠩᠬᠡᠶᠢᠯᠡᠨ ᠲᠤᠬᠢᠷᠠᠭᠤᠯᠬᠤ︾᠂ ᠵᠠᠭᠠᠯᠳᠤᠯᠭ᠎ᠠ ᠪᠠ ᠡᠶᠡᠳᠡᠭᠦᠯᠭᠡ ᠶᠢ ᠵᠣᠯᠭᠠᠭᠤᠯᠬᠤ ᠲᠤᠷᠰᠢᠯᠲᠠ ᠶᠢᠨ ᠠᠵᠢᠯ ᠢ ᠠᠬᠢᠭᠤᠯᠬᠤ ᠸᠢᠳᠢᠣ᠋ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠨᠢᠶᠧ ᠬᠠᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠡᠳ᠋ ᠳᠠᠷᠤᠭ᠎ᠠ ᠨᠠ ᠯᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
W020240715331955108543.png
    ᠬᠤᠷᠠᠯ ᠳᠡᠭᠡᠷ᠎ᠡ᠂ ᠬᠥᠬᠡᠬᠤᠲᠠ᠂ ᠪᠤᠭᠤᠲᠤ᠂ ᠤᠯᠠᠭᠠᠨᠬᠠᠳᠠ᠂ ᠣᠷᠳᠣᠰ 4 ᠲᠤᠷᠰᠢᠯᠲᠠ ᠶᠢᠨ ᠴᠡᠭ ᠪᠣᠯᠬᠤ ᠬᠤᠲᠠ ᠶᠢᠨ ᠬᠢᠨ ︽ᠰᠦᠯᠵᠢᠶᠡᠨ ᠳᠡᠭᠡᠷ᠎ᠡ ︽ᠶᠡᠷᠦᠩᠬᠡᠶᠢᠯᠡᠨ ᠲᠤᠬᠢᠷᠠᠭᠤᠯᠬᠤ︾᠂ ᠡᠶᠡᠳᠡᠭᠦᠯᠬᠦ ᠶᠢ ᠵᠣᠯᠭᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ ᠨᠠᠰᠢᠬᠢ ᠠᠵᠢᠯ ᠤᠨ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠦᠭᠰᠡᠨ ᠪᠥᠭᠡᠳ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠤ ᠣᠨᠴᠠ ᠤᠷᠢᠭᠰᠠᠨ ᠡᠶᠡᠳᠡᠭᠦᠯᠬᠦ ᠵᠣᠬᠢᠶᠠᠨ ᠪᠠᠶᠢᠭᠤᠯᠤᠯᠲᠠ︾ ᠶᠢᠨ ᠫᠠᠶᠢᠰᠠ ᠤᠯᠭᠤᠬᠤ ᠶᠣᠰᠣᠯᠠᠯ ᠢ ᠥᠷᠨᠢᠭᠦᠯᠪᠡ᠃
W020240715331955325333.jpg
    ᠬᠤᠷᠠᠯ ᠠᠴᠠ ᠂ ᠰᠦᠯᠵᠢᠶᠡᠨ ᠳᠡᠭᠡᠷ᠎ᠡ ︽ᠶᠡᠷᠦᠩᠬᠡᠶᠢᠯᠡᠨ ᠲᠤᠬᠢᠷᠠᠭᠤᠯᠬᠤ︾ ᠠᠵᠢᠯ ᠢ ᠠᠬᠢᠭᠤᠯᠬᠤ ᠪᠣᠯ ᠨᠠᠮ ᠤᠨ ᠲᠦᠷᠦ ᠪᠠᠷᠢᠬᠤ ᠰᠠᠭᠤᠷᠢ ᠶᠢ ᠵᠤᠵᠠᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠠᠬᠢᠵᠢᠭᠦᠯᠬᠦ ᠴᠢᠬᠤᠯᠠ ᠭᠤᠭᠴᠤᠭ᠎ᠠ ᠮᠥᠨ᠂ ᠮᠦᠨᠴᠦ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠬᠡᠷᠡᠭᠵᠢᠭᠦᠯᠵᠦ ᠳᠡᠶᠢᠯᠬᠦ ᠪᠣᠳᠠᠲᠠᠢ ᠦᠢᠯᠡᠳᠦᠯᠭᠡ ᠮᠥᠨ᠃ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠲᠤᠬᠠᠶ ᠶᠢᠨ ᠬᠥᠮᠦᠨ ᠨᠢ ᠤᠴᠢᠷ ᠶᠠᠪᠤᠳᠠᠯ ᠢᠶᠠᠨ ᠬᠡᠯᠡᠬᠦ︾᠂ ︽ᠠᠵᠢᠯ ᠲᠥᠷᠥᠯ ᠤᠨ ᠲᠤᠰᠬᠠᠶ ᠮᠡᠷᠭᠡᠵᠢᠯᠲᠡᠨ  ᠠᠴᠠ  ᠵᠢᠷᠤᠮ ᠲᠠᠶᠢᠯᠠᠪᠦᠷᠢᠯᠠᠬᠤ︾ ᠬᠢᠭᠡᠳ ︽ᠰᠢᠭᠦᠭᠴᠢ ᠬᠠᠤᠯᠢ ᠶᠠᠷᠢᠬᠤ ︾ ᠵᠡᠷᠭᠡ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠠᠷᠠᠳ ᠤᠨ ᠰᠢᠭᠦᠬᠦ ᠬᠤᠷᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠲᠤᠷᠠᠨ ᠵᠠᠰᠠᠬᠤ ᠴᠢᠳᠠᠪᠤᠷᠢ ᠶᠢ ᠪᠦᠲᠦᠮᠵᠢᠲᠡᠶ ᠬᠦᠭᠵᠢᠭᠡᠬᠦ ᠬᠡᠷᠡᠭᠳᠡᠢ ᠭᠡᠵᠤ ᠵᠢᠭᠠᠨ ᠭᠠᠷᠭᠠᠪᠠ᠃
W020240715331955382284.jpg
    ᠬᠤᠷᠠᠯ ᠠᠴᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ︽ᠶᠡᠷᠦᠩᠬᠡᠶᠢᠯᠡᠨ ᠵᠤᠬᠢᠴᠠᠭᠤᠯᠬᠤ︾ ᠠᠵᠢᠯ ᠤᠨ ᠳᠤᠮᠳᠠᠬᠢ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠡᠯ᠎ᠡ ᠡᠶᠡᠳᠡᠭᠦᠯᠬᠦ ᠵᠣᠬᠢᠶᠠᠨ ᠪᠠᠶᠢᠭᠤᠯᠤᠯᠲᠠ ᠵᠢᠴᠢ ᠡᠶᠡᠳᠡᠭᠦᠯᠦᠭᠴᠢ ᠶᠢᠨ ᠠᠷᠠᠳ ᠤᠨ ᠰᠢᠭᠦᠬᠦ ᠬᠤᠷᠢᠶᠠᠨ ᠤ ᠡᠶᠡᠳᠡᠭᠦᠯᠬᠦ ᠲᠠᠪᠴᠠᠩ ᠳᠤ ᠣᠷᠣᠬᠤ ᠶᠢ ᠢᠳᠡᠪᠬᠢᠲᠡᠢ ᠬᠠᠪᠰᠤᠷᠬᠤ ᠶᠢᠨ ᠬᠠᠮᠲᠤ ᠡᠶᠡᠳᠡᠭᠦᠯᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠤᠭᠰᠠᠨ ᠵᠠᠷᠭᠤ ᠶᠢᠨ ᠢᠷᠡᠯᠳᠡ ᠶᠢᠨ ᠵᠠᠰᠠᠯᠲᠠ ᠶᠢᠨ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠯᠠᠨ ᠠᠷᠭ᠎ᠠ ᠬᠡᠯᠪᠡᠷᠢ᠂ ᠤᠯᠠᠨ ᠠᠷᠭ᠎ᠠ ᠵᠠᠮ ᠢᠶᠠᠷ ᠡᠯ᠎ᠡ ᠲᠠᠯ᠎ᠠ ᠶᠢᠨ ᠬᠢᠨ ᠤ ᠡᠶᠡᠳᠡᠭᠦᠯᠬᠦ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠨ᠂ ᠦᠷᠭᠦᠯᠵᠢᠯᠡᠬᠦ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠡᠶᠡᠳᠡᠭᠦᠯᠭᠡ ᠶᠢᠨ ᠡᠩᠨᠡᠭᠡ ᠶᠢ ᠰᠢᠨᠵᠢᠯᠡᠬᠦ ᠤᠬᠠᠭᠠᠨᠴᠢ ᠪᠠᠷ ᠪᠤᠶᠢᠵᠢᠭᠤᠯᠬᠤ ᠪᠠ ᠬᠠᠮᠢᠶᠠᠷᠴᠤ᠂ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠪᠠ ᠡᠶᠡᠳᠡᠭᠦᠯᠦᠭᠴᠢ ᠶᠢᠨ ᠵᠢᠷᠤᠮᠵᠢᠭᠰᠠᠨ ᠬᠠᠮᠢᠶᠠᠷᠤᠯᠲᠠ᠂ ᠲᠤᠰᠬᠠᠶᠢᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠤᠬᠠᠭᠤᠯᠤᠨ ᠳᠡᠯᠭᠡᠷᠡᠭᠦᠯᠬᠦ ᠶᠢ ᠴᠢᠬᠤᠯᠠᠴᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠳ᠋ᠦᠩᠨᠡᠨ ᠡᠮᠬᠢᠯᠡᠵᠦ᠂ ᠨᠡᠶᠢᠳᠡᠮ ᠵᠢᠯᠣᠭᠤᠳᠬᠤ ᠠᠴᠢ ᠬᠤᠯᠪᠣᠭᠳᠠᠯ ᠲᠠᠢ ᠡᠶᠡᠳᠡᠭᠦᠯᠭᠡ ᠶᠢᠨ ᠬᠡᠷᠡᠭ ᠤᠨ ᠵᠢᠱᠢᠶ᠎ᠡ ᠶᠢ ᠬᠠᠮᠲᠤᠷᠠᠨ ᠨᠡᠶᠢᠲᠡᠯᠡᠵᠦ᠂ ᠣᠯᠠᠨ ᠲᠦᠮᠡᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠵᠢᠯ ᠤᠨ ᠲᠤᠬᠠᠶ ᠣᠶᠢᠯᠠᠭᠠᠬᠤ ᠬᠡᠮᠵᠢᠶ᠎ᠡ ᠪᠠ ᠢᠲᠡᠭᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ ᠃
W020240715331955560114.jpg
    ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠰᠢᠭᠦᠬᠦ ᠬᠤᠷᠢᠶ᠎ᠠ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠬᠠᠮᠳᠤᠷᠠᠨ ᠬᠤᠯᠪᠣᠯᠴᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠢᠭᠤᠷᠠᠯᠳᠤᠭᠠᠨ ᠢ ᠬᠠᠤᠯᠢ ᠶᠣᠰᠣᠭᠠᠷ᠂ ᠪᠦᠲᠦᠮᠵᠢᠲᠡᠶ᠂ ᠴᠠᠭ ᠲᠤᠬᠠᠶ ᠳᠤᠨᠢ ᠰᠢᠢᠳᠪᠦᠷᠢᠯᠡᠬᠦ ᠪᠠ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠠᠵᠢᠯ ᠤᠨ ᠬᠠᠷᠠᠯᠲᠠ ᠶᠢ ᠭᠦᠨᠵᠡᠭᠡᠶ ᠪᠣᠳᠠᠲᠠᠶ ᠬᠢᠵᠦ᠂ ᠲᠤᠷᠰᠢᠯᠲᠠ ᠶᠢᠨ ᠴᠡᠭ ᠤᠨ ᠪᠥᠬᠦ ᠲᠠᠯ᠎ᠠ ᠳᠤ ᠵᠢᠱᠢᠶ᠎ᠡ ᠦᠵᠡᠭᠦᠯᠬᠦ᠂ ᠰᠢᠪᠲᠤᠯᠬᠤ᠂ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠂ ᠥᠪᠥᠷ ᠮᠣᠩᠭᠤᠯ ᠤᠨ ᠣᠨᠴᠠᠯᠢᠭ ᠲᠠᠢ ︽ᠤᠮᠠᠷᠠᠲᠤ ᠬᠢᠯᠢ ᠶᠢᠨ ᠹᠧᠩ ᠴᠢᠶᠣᠤ︾ ᠶᠢᠨ ᠲᠤᠷᠰᠢᠯᠭ᠎ᠠ ᠶᠢ ᠴᠢᠷᠮᠠᠶᠢᠨ ᠪᠣᠶ ᠪᠣᠯᠭᠠᠬᠤ ᠪᠠ ᠳ᠋ᠦᠩᠨᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠦᠯᠵᠢᠶᠡᠨ ᠳᠡᠭᠡᠷ᠎ᠡ ︽ᠶᠡᠷᠦᠩᠬᠡᠶᠢᠯᠡᠨ ᠵᠤᠬᠢᠴᠠᠭᠤᠯᠬᠤ︾ ᠡᠶᠡᠳᠡᠭᠦᠯᠭᠡ ᠶᠢ ᠵᠣᠯᠭᠠᠭᠤᠯᠬᠤ ᠲᠣᠭᠲᠠᠴᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠣᠯᠠᠨ ᠤ ︽ᠠᠮᠤᠷ ᠠᠮᠤᠭᠤᠯᠠᠩ︾ ᠠᠮᠢᠳᠤᠷᠠᠯ ᠤᠨ ᠲᠤᠬᠠᠶ ᠰᠠᠶᠢᠨ ᠰᠠᠶᠢᠬᠠᠨ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠬᠠᠷᠢᠭᠤᠴᠠᠯᠭᠠᠲᠠᠨ ᠨᠥᠬᠦᠳ ᠵᠠᠷᠭᠤ ᠶᠢᠨ ᠢᠷᠡᠯᠲᠡ ᠶᠢ ᠵᠠᠰᠠᠬᠤ ᠪᠠ ᠬᠠᠤᠯᠢ ᠪᠠᠷ ᠵᠠᠰᠠᠬᠤ ᠰᠡᠳᠬᠢᠬᠦᠶ ᠶᠢ ᠳᠡᠭᠡᠭᠰᠢᠯᠡᠭᠦᠯᠬᠦ ᠲᠤᠬᠠᠶ ᠲᠥᠷᠥ ᠶᠢᠨ ᠪᠣᠳᠣᠯᠭ᠎ᠠ ᠶᠢᠨ ᠪᠤᠯᠪᠠᠰᠤᠷᠠᠯ ᠬᠢᠪᠠ᠃    ᠬᠤᠷᠠᠯ ᠪᠠ ᠪᠤᠯᠪᠠᠰᠤᠷᠠᠯ ᠢ ᠸᠢᠳᠢᠤ᠋ ᠬᠡᠯᠪᠡᠷᠢ ᠪᠠᠷ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠭᠠᠵᠠᠷ ᠬᠡᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠥᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠨᠡᠶᠢᠭᠡᠮᠯᠢᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠭᠤᠤᠯ ᠬᠤᠷᠠᠯ ‍ᠤᠨ‌‍ᠲ᠋ᠠᠯᠠᠪᠠᠶ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠲᠥᠷᠥ ᠶᠢᠨ ᠪᠤ