︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ | ᠮᠠᠨ ᠤ ᠲᠢᠩᠬᠢᠮ ᠠᠴᠠ 2024 ᠣᠨ ᠤ ᠬᠤᠷᠢᠨ ᠵᠢᠷᠭᠤᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠳᠣ 3 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 7 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ | 3 ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 5 ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ | ᠬᠡᠮᠵᠢᠬᠦ ᠪᠠᠶᠢᠭᠤᠯᠤᠮᠵᠢ᠂ 47 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ | ᠪᠠᠶᠢᠴᠠᠭᠠᠭᠰᠠᠨ ᠰᠠᠨᠠᠯ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠬᠦ ᠬᠤᠭᠤᠴᠠᠭ᠎ᠠ 2024 ᠣᠨ ᠤ 7 ᠳ᠋ᠤᠭᠠᠷ | ᠰᠠᠷ᠎ᠠ ᠶᠢᠨ 18 ᠤ ᠡᠳᠦᠷ ᠤᠨ 17 ᠴᠠᠭ 30 ᠮᠢᠨᠦ᠋ᠲ ᠲᠤ ᠲᠤᠯᠵᠤ᠂ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ | ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃ | ᠶᠠᠮᠠᠷᠪᠠ ᠬᠠᠮᠢᠶ᠎ᠠ ᠪᠥᠬᠦᠶ ᠨᠢᠭᠡᠴᠢ ᠵᠢᠴᠢ ᠬᠤᠪᠢ ᠬᠥᠮᠦᠨ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ | ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ | ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ | ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠰᠢᠦᠳᠠᠨ ᠢᠶᠠᠷ ᠢᠯᠡᠭᠡᠬᠦ ᠪᠠᠷ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ | ᠡᠷᠬᠡᠪᠰᠢ ᠬᠠᠷᠢᠯᠴᠠᠬᠤ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠳᠤ ᠪᠡᠯᠡᠳᠬᠡᠬᠦ ᠬᠡᠷᠡᠭᠲᠡᠶ᠃ | ᠬᠠᠷᠢᠯᠴᠠᠬᠤ ᠤᠲᠠᠰᠤ᠄ 0471-6944058᠂0471-6944062 | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ | 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ | ᠶᠡᠷᠦᠩᠬᠡᠶᠢᠯᠡᠭᠰᠡᠨ ᠴᠣᠩᠬᠤ | ᠳᠠᠭᠠᠯᠳᠤᠭᠤᠯᠤᠯ᠄ | 1. ᠬᠤᠷᠢᠨ ᠵᠢᠷᠭᠤᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 2. ᠬᠤᠷᠢᠨ ᠵᠢᠷᠭᠤᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ | 3. ᠬᠤᠷᠢᠨ ᠵᠢᠷᠭᠤᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ | ᠪᠠᠶᠢᠴᠠᠭᠠᠭᠰᠠᠨ ᠰᠠᠨᠠᠯ | 4. ᠬᠤᠷᠢᠨ ᠵᠢᠷᠭᠤᠳᠤᠭᠠᠷ ᠪᠦᠯᠦᠭ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ | ᠪᠠᠶᠢᠴᠠᠭᠠᠭᠰᠠᠨ ᠰᠠᠨᠠᠯ | 5. ᠬᠤᠷᠢᠨ ᠵᠢᠷᠭᠤᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ | ᠪᠠᠶᠢᠴᠠᠭᠠᠭᠰᠠᠨ ᠰᠠᠨᠠᠯ | | 2024 ᠣᠨ ᠤ 7 ᠳ᠋ᠤᠭᠠᠷ ᠰᠠᠷ᠎ᠠ ᠶᠢᠨ 12 ᠤ ᠡᠳᠦᠷ | | | | | | | |