ᠣᠷᠣᠯᠠᠨ ᠪᠠᠶᠢᠭᠤᠯᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠦᠢᠯᠡᠴᠢᠯᠡᠭᠡᠨ ᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠲᠤᠳᠤᠷᠬᠠᠶᠢᠯᠠᠬᠤ ᠵᠠᠷᠯᠠᠯ
ᠨᠡᠶᠢᠲᠡᠯᠡᠭᠰᠡᠨ ᠴᠠᠭ᠄
2024/7/2
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ 2024 ᠣᠨ ᠤ 6 ᠳ᠋ᠤᠭᠠᠷ ᠰᠠᠷ᠎ᠠ ᠶᠢᠨ 25 ᠤ ᠡᠳᠦᠷ ᠣᠷᠣᠯᠠᠨ ᠪᠠᠶᠢᠭᠤᠯᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠦᠢᠯᠡᠴᠢᠯᠡᠭᠡᠨ ᠤ ᠵᠠᠷᠯᠠᠯ ᠢ ᠨᠡᠶᠢᠲᠡᠯᠡᠪᠡ᠂ ᠡᠳᠦᠭᠡ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠳᠣᠤᠷᠠᠬᠢ ᠮᠡᠲᠦ ᠲᠣᠳᠣᠷᠬᠠᠶᠢᠯᠠᠶ᠎ᠠ᠄    ᠨᠢᠭᠡ᠂ ᠳᠠᠭᠠᠭᠠᠴᠢᠯᠠᠯᠲᠠ ᠦᠨᠡᠯᠡᠬᠦ ᠠᠷᠭ᠎ᠠ ᠵᠢᠴᠢ ᠳᠠᠭᠠᠭᠠᠴᠢᠯᠠᠯᠲᠠ ᠵᠠᠷᠯᠠᠬᠤ ᠬᠡᠰᠡᠭ ᠤᠨ ᠬᠤᠶᠠᠷ ᠢ ᠦᠨᠡᠯᠡᠬᠦ ᠠᠷᠭ᠎ᠠ ᠳᠤ ᠤᠤᠯ ᠤᠨ ︽ᠦᠢᠯᠡᠴᠢᠯᠡᠭᠡᠨ ᠤ ᠲᠥᠰᠦᠯ ᠢ ᠨᠠᠶᠢᠷᠠᠭᠤᠯᠤᠨ ᠵᠣᠬᠢᠶᠠᠬᠤ ︵7 ᠬᠤᠪᠢ︶ ᠦᠢᠯᠡᠴᠢᠯᠡᠭᠡᠨ ᠤ ᠲᠥᠰᠦᠯ ᠢ ᠨᠠᠶᠢᠷᠠᠭᠤᠯᠤᠨ ᠵᠣᠬᠢᠶᠠᠬᠤ ᠳᠤ ᠲᠣᠭᠲᠠᠭᠰᠠᠨ ᠭᠠᠷᠴᠠᠭ ᠤᠨ ᠶᠣᠰᠣᠭᠠᠷ ᠨᠠᠶᠢᠷᠠᠭᠤᠯᠤᠨ ᠵᠣᠬᠢᠶᠠᠪᠠᠯ 3 ᠬᠤᠪᠢ ᠤᠯᠤᠨ᠎ᠠ︔ ᠲᠥᠷᠥᠯ ᠵᠦᠢᠯ ᠤᠨ ᠭᠠᠷᠴᠠᠭ ᠤᠨ ᠳᠣᠤᠷ᠎ᠠ ᠴᠥᠮ ᠬᠠᠷᠠᠭᠠᠯᠵᠠᠭᠰᠠᠨ ᠠᠭᠤᠯᠭ᠎ᠠ ᠶᠢ ᠨᠠᠶᠢᠷᠠᠭᠤᠯᠤᠨ ᠵᠣᠬᠢᠶᠠᠬᠤ ᠮᠥᠷᠲᠡᠭᠡᠨ ᠳᠥᠭᠦᠮ ᠪᠥᠭᠡᠳ ᠲᠣᠳᠣᠷᠬᠠᠶ ᠦᠭᠦᠯᠡᠪᠡᠯ ᠬᠠᠮᠤᠭ ᠤᠨ ᠥᠨᠳᠥᠷ ᠲᠤ ᠪᠠᠨ 4 ᠬᠤᠪᠢ ᠣᠯᠵᠤ᠂ ᠲᠣᠰ ᠵᠦᠢᠯ ᠳᠤ ᠬᠠᠮᠤᠭ ᠤᠨ ᠥᠨᠳᠥᠷ ᠲᠤ ᠪᠠᠨ 7 ᠬᠤᠪᠢ ᠣᠯᠬᠤ︾ ᠶᠢ ︽ᠦᠢᠯᠡᠴᠢᠯᠡᠭᠡᠨ ᠤ ᠲᠥᠰᠦᠯ ᠢ ᠨᠠᠶᠢᠷᠠᠭᠤᠯᠤᠨ ᠵᠣᠬᠢᠶᠠᠬᠤ ︵7 ᠬᠤᠪᠢ︶ ᠦᠢᠯᠡᠴᠢᠯᠡᠭᠡᠨ ᠤ ᠲᠥᠰᠦᠯ ᠤᠨ ᠠᠭᠤᠯᠭ᠎ᠠ ᠪᠥᠬᠦ ᠲᠠᠯ᠎ᠠ ᠪᠠᠷ᠂ ᠲᠣᠰ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠵᠢᠯ ᠤᠨ ᠬᠦᠴᠢᠷ ᠠᠰᠠᠭᠤᠳᠠᠯ᠂ ᠭᠤᠤᠯᠳᠠᠯᠭ᠎ᠠ ᠶᠢ ᠲᠣᠳᠣᠷᠬᠠᠶ ᠣᠨᠣᠪᠴᠢᠲᠠᠢ ᠲᠣᠭᠠᠴᠢᠪᠠᠯ ᠬᠠᠮᠤᠭ ᠤᠨ ᠥᠨᠳᠥᠷ ᠲᠤ ᠪᠠᠨ 7 ᠬᠤᠪᠢ ᠣᠯᠬᠤ︾ ᠪᠣᠯᠭᠠᠨ ᠲᠣᠬᠢᠷᠠᠭᠤᠯᠪᠠ᠃    ᠬᠤᠶᠠᠷ᠂ ᠳᠠᠭᠠᠭᠠᠴᠢᠯᠠᠯᠲᠠ ᠶᠢᠨ ᠬᠡᠰᠡᠭ ᠤᠨ ᠬᠤᠶᠠᠷ ᠳᠠᠭᠠᠭᠠᠴᠢᠯᠠᠯᠲᠠ ᠦᠨᠡᠯᠡᠬᠦ ᠠᠷᠭ᠎ᠠ ᠳᠤ ᠤᠤᠯ ᠤᠨ ᠵᠥᠩ ᠶᠤᠸᠠᠨ ᠤ ︽ᠡᠳ᠋ ᠤᠨ ᠶᠠᠪᠤᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ᠄ ᠳᠠᠭᠠᠭᠠᠴᠢᠯᠠᠯᠲᠠ ᠬᠦᠯᠢᠶᠡᠭᠴᠢ ᠡᠷᠬᠡᠪᠰᠢ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠬᠢᠨᠠᠨ ᠪᠤᠳᠤᠯᠲᠠ ᠶᠢ ᠳᠠᠮᠵᠢᠭᠰᠠᠨ 2020᠂ 2021 ᠣᠨ ᠤ ᠡᠳ᠋ ᠤᠨ ᠶᠠᠪᠤᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ︾ ᠶᠢ ︽ᠳᠠᠭᠠᠭᠠᠴᠢᠯᠠᠯᠲᠠ ᠬᠦᠯᠢᠶᠡᠭᠴᠢ ᠡᠷᠬᠡᠪᠰᠢ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠬᠢᠨᠠᠨ ᠪᠤᠳᠤᠯᠲᠠ ᠶᠢ ᠳᠠᠮᠵᠢᠭᠰᠠᠨ 2022᠂ 2023 ᠣᠨ ᠤ ᠡᠳ᠋ ᠤᠨ ᠶᠠᠪᠤᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ︾ ᠪᠣᠯᠭᠠᠨ ᠲᠣᠬᠢᠷᠠᠭᠤᠯᠪᠠ ᠃    ᠭᠤᠷᠪᠠ᠂ ᠳᠠᠭᠠᠭᠠᠴᠢᠯᠠᠯᠲᠠ ᠬᠦᠯᠢᠶᠡᠬᠦ ᠨᠢᠭᠡᠴᠢ ᠳᠠᠭᠠᠭᠠᠴᠢᠯᠠᠯᠲᠠ ᠬᠦᠯᠢᠶᠡᠬᠦ ᠵᠠᠬᠢᠳᠠᠯ ᠳᠤ ᠪᠠᠨ ︽ᠶᠠᠰᠤ ᠴᠢᠨᠠᠷ ᠤᠨ ᠪᠠᠷᠢᠮᠵᠢᠶ᠎ᠠ︾ ᠵᠢᠴᠢ ︽ᠳᠠᠭᠠᠭᠠᠴᠢᠯᠠᠯᠲᠠ ᠬᠦᠯᠢᠶᠡᠬᠦ ᠬᠦᠴᠦᠨ ᠪᠦᠬᠦᠢ ᠬᠤᠭᠤᠴᠠᠭ᠎ᠠ︾ ᠶᠢᠨ ᠠᠮᠠᠯᠠᠯᠲᠠ ᠪᠠᠨ ᠥᠪᠡᠷᠲᠡᠭᠡᠨ ᠨᠡᠮᠡᠨ᠎ᠡ᠃    2024 ᠣᠨ ᠤ 7 ᠳ᠋ᠤᠭᠠᠷ ᠰᠠᠷ᠎ᠠ ᠶᠢᠨ 1 ᠤ ᠡᠳᠦᠷ    
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ