2023 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/7/2
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠷᠭ᠎ᠠ︾ ︵ᠥᠪᠥᠷ ᠪᠠᠶᠢᠭᠤᠯᠤᠯᠲᠠ ᠴᠢᠨᠠᠷ ﹇2024﹈ 53 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠴᠢᠨᠠᠷ ﹇2024﹈ 56 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬ᠎ᠠ ᠬᠢᠨᠠᠵᠤ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠳᠠᠬᠢᠨ ᠪᠠᠶᠢᠴᠠᠭᠠᠬᠤ᠂ ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠬᠤ ᠪᠠ ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠲᠣᠭᠲᠠᠭᠠᠯᠭᠠᠭᠠᠳ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ︵ᠬᠥᠬᠡᠬᠤᠲᠠ︶ ᠶᠢᠨ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠨᠢᠭᠡᠳᠦᠭᠡᠷ ᠱᠠᠲᠤᠨ ᠤ ᠰᠢᠷᠣᠶ ᠮᠣᠳᠣᠨ ᠪᠠᠷᠢᠯᠭ᠎ᠠ ᠶᠢᠨ ᠠᠵᠢᠯ ᠤᠨ ᠪᠠᠷᠢᠯᠭ᠎ᠠ ᠶᠢᠨ ᠬᠤᠶᠠᠳᠤᠭᠠᠷ ᠪᠠᠷᠢᠮᠵᠢᠶᠠᠲᠤ ᠬᠡᠰᠡᠭ ᠤᠨ B06 ᠮᠠᠰᠢᠨ ᠤ ᠥᠷᠦᠭᠡ ᠶᠢᠨ ᠠᠰᠠᠷ ᠵᠡᠷᠭᠡ 16 ᠵᠦᠢᠯ ᠤᠨ ᠪᠠᠷᠢᠯᠭ᠎ᠠ ᠶᠢ 2023 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠡᠳᠦᠭᠡ ᠨᠡᠶᠢᠲᠡᠯᠡᠪᠡ᠃ ᠨᠡᠶᠢᠲᠡᠯᠡᠬᠦ ᠬᠤᠭᠤᠴᠠᠭ᠎ᠠ ᠨᠢ 2024 ᠣᠨ ᠤ 6 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ ᠪᠣᠯᠤᠨ᠎ᠠ᠃    ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠨᠡᠶᠢᠲᠡᠯᠡᠭᠰᠡᠨ ᠲᠥᠷᠥᠯ ᠵᠦᠢᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠳᠤ ᠦᠨᠡᠨ ᠠᠴᠠ ᠵᠥᠪ ᠢ ᠡᠷᠢᠬᠦ ᠬᠡᠷᠡᠭᠲᠡᠶ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃    ᠬᠠᠷᠢᠯᠴᠠᠬᠤ ᠤᠲᠠᠰᠤ᠄ 0471-6945765    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 15 ᠳ᠋ᠤᠭᠠᠷ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ 609 ᠥᠷᠥᠭᠡ    ᠳᠠᠭᠠᠯᠳᠤᠭᠤᠯᠤᠯ᠄ 2023 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠤᠨ ᠲᠥᠷᠥᠯ ᠵᠦᠢᠯ ᠤᠨ ᠨᠡᠷᠡᠰ        2024 ᠣᠨ ᠤ 6 ᠳ᠋ᠤᠭᠠᠷ ᠰᠠᠷ᠎ᠠ ᠶᠢᠨ 4 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ