ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠬᠦᠷᠲᠡᠭᠰᠡᠳ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/7/2
        ᠥᠪᠥᠷ ᠪᠠᠶᠢᠭᠤᠯᠤᠯᠲᠠ ᠴᠢᠨᠠᠷ ﹇ 2024 ﹈ 136 ᠳ᠋ᠤᠭᠠᠷ ᠲᠣᠭᠠᠲᠤ     ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠠᠵᠢᠯ ᠲᠥᠷᠥᠯ ᠤᠨ ᠨᠡᠶᠢᠭᠡᠮᠯᠢᠭ ᠲᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠷᠭ᠎ᠠ︾ ︵ᠥᠪᠥᠷ ᠪᠠᠶᠢᠭᠤᠯᠤᠯᠲᠠ ᠴᠢᠨᠠᠷ ﹇2024﹈ 53 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠯ᠎ᠠ ᠨᠤᠲᠤᠭ ᠬᠤᠨᠳᠠᠭᠠᠲᠤ﹀ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠴᠢᠨᠠᠷ ﹇2024﹈ 56 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠢᠯᠭᠠᠷᠠᠭᠤᠯᠬᠤ᠂ ᠨᠡᠶᠢᠲᠡᠯᠡᠬᠦ᠂ ᠬᠤᠷᠠᠯ ᠢᠶᠠᠷ ᠰᠤᠳᠤᠯᠬᠤ ᠵᠡᠷᠭᠡ ᠳᠠᠷᠠᠭᠠᠯᠠᠯ ᠢᠶᠠᠷ ᠳᠡᠮᠵᠢᠨ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ︵ᠬᠥᠬᠡᠬᠤᠲᠠ︶ ᠶᠢᠨ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠨᠢᠭᠡᠳᠦᠭᠡᠷ ᠱᠠᠲᠤᠨ ᠤ ᠰᠢᠷᠣᠶ ᠮᠣᠳᠣᠨ ᠪᠠᠷᠢᠯᠭ᠎ᠠ ᠶᠢᠨ ᠠᠵᠢᠯ ᠤᠨ ᠪᠠᠷᠢᠯᠭ᠎ᠠ ᠶᠢᠨ ᠬᠤᠶᠠᠳᠤᠭᠠᠷ ᠪᠠᠷᠢᠮᠵᠢᠶᠠᠲᠤ ᠬᠡᠰᠡᠭ ᠤᠨ B06 ᠮᠠᠰᠢᠨ ᠤ ᠥᠷᠦᠭᠡ ᠶᠢᠨ ᠠᠰᠠᠷ ᠵᠡᠷᠭᠡ 16 ᠵᠦᠢᠯ ᠤᠨ ᠪᠠᠷᠢᠯᠭ᠎ᠠ ᠳᠤ 2023 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠣᠯᠭᠤᠬᠤ ᠪᠠᠷ ᠲᠣᠭᠲᠠᠪᠠ᠃    ᠱᠠᠩᠨᠠᠯ ᠣᠯᠤᠭᠰᠠᠨ ᠨᠢᠭᠡᠴᠢ ᠪᠣᠯᠤᠨ ᠬᠤᠪᠢ ᠬᠥᠮᠦᠨ ᠤᠯᠠᠮ ᠴᠢᠷᠮᠠᠶᠢᠵᠤ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠥᠨᠳᠥᠷ ᠲᠦᠪᠰᠢᠨ ᠢᠶᠠᠷ ᠬᠥᠭᠵᠢᠬᠦ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ ᠃    ᠳᠠᠭᠠᠯᠳᠤᠭᠤᠯᠤᠯ᠄ 2023 ᠣᠨ ᠤ ᠠᠩᠬᠠᠳᠠᠭᠴᠢ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠬᠤᠨᠳᠠᠭᠠᠲᠤ︾ ᠪᠠᠷᠢᠯᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠬᠦᠷᠲᠡᠭᠰᠡᠳ2024 ᠣᠨ ᠤ 7 ᠳ᠋ᠤᠭᠠᠷ ᠰᠠᠷ᠎ᠠ ᠶᠢᠨ 1 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ