ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ | ᠣᠶᠢᠷ᠎ᠠ ᠶᠢᠨ ᠵᠢᠯ ᠤᠳ ᠲᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠭᠰᠠᠨ ᠨᠢ ᠵᠢᠷᠤᠮᠵᠢᠯ ᠦᠭᠡᠢ ᠠᠴᠠ ᠪᠣᠯᠵᠤ | ᠳᠠᠭᠠᠭᠠᠴᠢᠯᠠᠯᠲᠠ ᠵᠠᠷᠯᠠᠬᠤ ᠳᠤ ᠢᠯᠠᠭᠳᠠᠯ ᠪᠤᠶᠤ ᠬᠢᠨᠠᠨ ᠲᠣᠭᠲᠠᠭᠠᠭᠰᠠᠨ ᠦᠷ᠎ᠡ ᠳ᠋ᠦᠩ ᠨᠢ ᠲᠥᠪ ᠭᠤᠣᠯᠴᠢ ᠪᠤᠰᠤ ᠬᠡᠷᠡᠭ ᠤᠨ ᠵᠢᠱᠢᠶ᠎ᠡ ᠪᠠᠶᠢᠨ ᠳᠠᠬᠢᠨ ᠭᠠᠷᠴᠤ᠂ | ᠴᠢᠨᠠᠭᠰᠢᠯᠠᠪᠠᠯ ᠣᠨᠳᠣᠣ ᠰᠠᠨᠠᠯ ᠪᠠ ᠵᠠᠭᠠᠯᠳᠤᠯᠭ᠎ᠠ ᠬᠢᠵᠦ ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠨᠥᠯᠥᠭᠡᠯᠡᠪᠡ᠃ 2022 ᠤᠨ ᠪᠠ 2023 ᠣᠨ ᠳᠤ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022 ﹈ 58 ᠳ᠋ᠤᠭᠠᠷ ᠲᠣᠭᠠᠲᠤ︶᠂ ︽ᠥᠪᠡᠷᠲᠡᠭᠡᠨ | ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 - 2025 ᠣᠨ︶ ᠶᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2023﹈ 52 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠡᠳᠬᠦᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠳᠠᠭᠠᠭᠠᠴᠢᠯᠠᠯᠲᠠ ᠵᠠᠷᠯᠠᠭᠴᠢ ᠶᠢᠨ ᠪᠦᠷᠢᠨ | ᠡᠷᠬᠡᠳᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠮᠠᠨ ᠤ ᠲᠢᠩᠬᠢᠮ ᠠᠴᠠ ︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠶ ᠬᠡᠷ ᠪᠠᠶᠢᠰᠢᠩ ᠤᠨ ᠪᠠᠷᠢᠯᠭ᠎ᠠ ᠪᠠ | ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠲᠤᠬᠠᠶ | ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠲᠤᠭᠳᠠᠭᠠᠵᠤ ᠳᠠᠷᠤᠮᠠᠯᠯᠠᠨ ᠲᠠᠷᠬᠠᠭᠠᠪᠠ᠃ | ᠬᠤᠶᠠᠷ᠂ ᠰᠤᠳᠤᠯᠤᠨ ᠮᠠᠭᠠᠳᠯᠠᠭᠰᠠᠨ ᠶᠠᠪᠤᠴᠠ | ︽ᠵᠢᠯᠣᠭᠤᠳᠬᠤ ᠰᠠᠨᠠᠯ︾ ᠢ ᠲᠣᠭᠲᠠᠭᠠᠬᠤ ᠶᠠᠪᠤᠴᠠ ᠳᠤ᠂ ᠮᠠᠨ ᠤ ᠲᠢᠩᠬᠢᠮ ᠤᠨ ᠠᠯᠪᠠᠨ ᠰᠦᠯᠵᠢᠶ᠎ᠡ ᠳᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ | ᠬᠤᠷᠢᠶᠠᠭᠰᠠᠨ ᠪᠥᠭᠡᠳ ᠢᠯᠡ ᠪᠠᠷ ᠰᠠᠨᠠᠯ ᠬᠤᠷᠢᠶᠠᠭᠰᠠᠨ ᠪᠠᠶᠢᠳᠠᠯ ᠢᠶᠠᠨ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠠ ᠲᠢᠩᠬᠢᠮ ᠤᠨ ᠬᠠᠮᠢᠶ᠎ᠠ ᠪᠥᠬᠦᠶ ᠭᠠᠵᠠᠷ᠂ ᠠᠯᠪᠠᠨ ᠬᠡᠷ᠂ | ᠨᠢᠭᠡᠴᠢ ᠵᠢᠴᠢ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠰᠠᠨᠠᠯ ᠢ ᠬᠤᠷᠢᠶᠠᠪᠠ᠃ | ᠡᠭᠦᠨ ᠤ ᠬᠠᠮᠲᠤ ᠮᠠᠨ ᠤ ᠲᠢᠩᠬᠢᠮ 2024 ᠣᠨ ᠤ 1 ᠳ᠋ᠤᠭᠡᠷ ᠰᠠᠷ᠎ᠠ ᠶᠢᠨ 15 ᠤ ᠡᠳᠦᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠭᠡᠷᠡᠴᠢᠯᠡᠭᠡ | ᠰᠣᠨᠣᠰᠪᠠ᠃ ︽ ᠵᠢᠯᠣᠭᠤᠳᠬᠤ ᠰᠠᠨᠠᠯ︾ ᠢ ᠲᠣᠭᠲᠠᠭᠠᠭᠰᠠᠨ ᠶᠠᠪᠤᠴᠠ ᠨᠢ ᠬᠠᠤᠯᠢ ᠳᠤ ᠨᠡᠶᠢᠴᠡᠨ᠎ᠡ ᠃ | ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ | ︵ᠨᠢᠭᠡ︶ ᠬᠤᠳᠠᠯᠳᠤᠭᠠᠨ ᠤ ᠶᠠᠪᠤᠳᠠᠯ᠂ ᠮᠡᠷᠭᠡᠵᠢᠯ᠂ ᠠᠵᠢᠯ ᠤᠨ ᠠᠮᠵᠢᠯᠲᠠ ᠶᠢᠨ ᠬᠤᠪᠢ ᠡᠵᠡᠯᠡᠬᠦ ᠬᠠᠷᠢᠴᠠᠯ ᠢ ᠲᠤᠳᠤᠷᠬᠠᠶᠢᠯᠠᠪᠠ ᠃ ᠳᠠᠭᠠᠭᠠᠴᠢᠯᠠᠯᠲᠠ | ᠵᠠᠷᠯᠠᠬᠤ ᠳᠤ᠂ ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ 45% ᠠᠴᠠ 70%᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ | 10% ᠠᠴᠠ 30%᠂ ᠢᠳᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ 10% ᠂ ᠠᠵᠢᠯ ᠤᠨ ᠠᠮᠵᠢᠯᠲᠠ ᠪᠦᠲᠦᠮᠵᠢ ᠵᠡᠷᠭᠡ ᠬᠡᠰᠡᠭ ᠤᠨ ᠬᠤᠪᠢ ᠶᠢᠨ | ᠵᠢᠩ ᠨᠢ 10% ᠠᠴᠠ 15% ︔ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠤ ᠂ ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ 20% ᠠᠴᠠ 40%᠂ | ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 40% ᠠᠴᠠ 55%᠂ ᠢᠲᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ 10%᠂ | ᠠᠵᠢᠯ ᠤᠨ ᠠᠮᠵᠢᠯᠲᠠ ᠪᠦᠲᠦᠮᠵᠢ ᠶᠢᠨ ᠬᠡᠰᠡᠭ ᠤᠨ ᠬᠤᠪᠢ ᠶᠢᠨ ᠵᠢᠩ ᠨᠢ 10% ᠠᠴᠠ15% ᠪᠠᠶᠢᠬᠤ ᠶᠢ ᠱᠠᠭᠠᠷᠳᠠᠵᠠᠢ︔ ᠲᠤᠰᠬᠠᠢ ᠮᠡᠷᠭᠡᠵᠢᠯ ᠤᠨ ᠣᠨᠴᠠᠭᠠᠢ | ᠪᠣᠳᠤᠯᠢᠶᠠᠨᠲᠠᠢ ᠲᠣᠮᠤ ᠬᠡᠯᠪᠡᠷᠢ ᠶᠢᠨ ᠪᠠᠷᠢᠯᠭ᠎ᠠ᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 40% ᠪᠠᠶᠢᠵᠤ ᠪᠣᠯᠤᠨ᠎ᠠ︔ | ᠮᠡᠷᠭᠡᠵᠢᠯ ᠤᠨ ᠱᠠᠭᠠᠷᠳᠠᠯᠭ᠎ᠠ ᠨᠢ ᠬᠠᠷᠢᠴᠠᠩᠭᠤᠢ ᠳᠦᠭᠦᠮᠬᠡᠨ ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ ᠬᠠᠨ᠋ᠰᠢ ᠶᠢᠨ ᠬᠤᠪᠢ ᠶᠢᠨ ᠵᠢᠩ ᠨᠢ 50% | ᠪᠠᠶᠢᠵᠤ ᠪᠣᠯᠤᠨ᠎ᠠ︔ ᠮᠡᠷᠭᠡᠵᠢᠯ ᠤᠨ ᠱᠠᠭᠠᠷᠳᠠᠯᠭ᠎ᠠ ᠨᠢ ᠳᠦᠭᠦᠮᠬᠡᠨ ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ | 55% ᠪᠠᠶᠢᠵᠤ ᠪᠣᠯᠤᠨ᠎ᠠ︔ | ︵ᠬᠤᠶᠠᠷ︶ ᠳᠠᠭᠠᠭᠠᠴᠢᠯᠠᠯᠲᠠ ᠦᠨᠡᠯᠡᠬᠦ ᠰᠠᠭᠤᠷᠢ ᠦᠨ᠎ᠡ ᠶᠢ ᠪᠣᠳᠣᠬᠤ ᠠᠷᠭ᠎ᠠ ᠶᠢ ᠲᠣᠳᠣᠷᠬᠠᠶᠢᠯᠠᠪᠠ᠃ ᠳᠠᠭᠠᠭᠠᠴᠢᠯᠠᠯᠲᠠ ᠦᠨᠡᠯᠡᠬᠦ ᠰᠠᠭᠤᠷᠢ ᠪᠠᠷᠢᠮᠵᠢᠶ᠎ᠠ | ᠦᠨ᠎ᠡ = ᠳᠠᠭᠠᠭᠠᠴᠢᠯᠠᠯᠲᠠ ᠬᠦᠯᠢᠶᠡᠬᠦ ᠬᠠᠮᠤᠭ ᠥᠨᠳᠥᠷ ᠬᠢᠵᠠᠭᠠᠷ ᠦᠨ᠎ᠡ × 70% + ᠳᠠᠭᠠᠭᠠᠴᠢᠯᠠᠯᠲᠠ ᠬᠦᠯᠢᠶᠡᠭᠴᠢ ᠶᠢᠨ ᠬᠦᠴᠦᠨ ᠪᠦᠬᠦᠢ ᠮᠡᠳᠡᠭᠦᠯᠬᠦ | ᠦᠨ᠎ᠡ ᠶᠢᠨ ᠳᠤᠮᠳᠠᠴᠢ ᠬᠡᠮᠵᠢᠭᠳᠡᠯ × 30%᠃ | ︵ᠭᠤᠷᠪᠠ︶ ᠳᠠᠭᠠᠭᠠᠴᠢᠯᠠᠯᠲᠠ ᠵᠠᠷᠯᠠᠭᠰᠠᠳ ᠪᠥᠬᠦ ᠶᠠᠪᠤᠴᠠ ᠶᠢᠨ ᠪᠠᠷᠢᠯᠭ᠎ᠠ ᠶᠢᠨ ᠯᠠᠪᠯᠠᠭ᠎ᠠ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠠᠷᠭ᠎ᠠ ᠮᠠᠶ᠋ᠢᠭ ᠢ | ᠡᠩ ᠲᠡᠷᠢᠭᠦᠨ ᠳᠤ ᠬᠡᠷᠡᠭᠯᠡᠵᠦ ᠳᠠᠭᠠᠭᠠᠴᠢᠯᠠᠯᠲᠠ ᠵᠠᠷᠯᠠᠬᠤ ᠶᠢ ᠵᠤᠷᠢᠭᠵᠢᠭᠤᠯᠤᠨ᠎ᠠ᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ | ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 - 2025 ᠣᠨ ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠂ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠥᠪ ᠤᠨ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ᠂ ᠣᠷᠣᠨ ᠤ ᠭᠠᠳᠠᠨᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠤᠯᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠢ ᠲᠡᠮᠵᠢᠵᠦ ᠂ ᠥᠪᠡᠷᠲᠡᠭᠡᠨ ᠵᠠᠰᠠᠬᠤ ᠣᠷᠣᠨ ᠤ ᠬᠥᠲᠥᠴᠢ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠳᠤᠮᠳᠠ | ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠤᠶᠤ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠯᠤᠭ᠎ᠠ | ᠬᠤᠯᠪᠣᠭᠠᠲᠤ ᠴᠣᠭᠴᠠ ᠪᠠᠶᠢᠭᠤᠯᠵᠤ ᠳᠠᠭᠠᠭᠠᠴᠢᠯᠠᠯᠲᠠ ᠬᠦᠯᠢᠶᠡᠬᠦ ᠵᠦᠢᠯ ᠵᠤᠷᠪᠤᠰ ᠪᠠ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠨᠢ ᠲᠤᠬᠠᠶ ᠶᠢᠨ ᠭᠠᠵᠠᠷ ᠤᠨ | ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠬᠠᠤᠯᠢ ᠶᠢᠨ ᠲᠣᠭᠲᠠᠭᠠᠯ ᠶᠣᠰᠣᠭᠠᠷ ᠬᠤᠪᠢᠶᠠᠨ ᠲᠠᠭᠠᠭᠠᠴᠢᠯᠠᠭᠤᠯᠬᠤ ᠬᠡᠷᠡᠭᠲᠡᠶ ᠭᠡᠵᠦ | ᠲᠣᠳᠣᠷᠬᠠᠶ ᠱᠠᠭᠠᠷᠳᠠᠭᠰᠠᠨ ᠪᠠᠶᠢᠨ᠎ᠠ᠃ | ︵ᠲᠦᠷᠪᠡ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠰᠢᠯᠢᠳᠡᠭ ᠢ ᠡᠭᠦᠳᠬᠦ ᠰᠢᠨ᠎ᠡ ᠶᠢ ᠡᠭᠦᠳᠬᠦ ᠵᠠᠷᠤᠳᠠᠯ ᠢ ᠪᠤᠳᠤᠬᠤ ᠭᠡᠵᠦ ᠲᠣᠳᠣᠷᠬᠠᠶᠢᠯᠠᠵᠠᠢ᠃ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠣᠬᠢᠷᠲᠤᠯ ᠦᠭᠡᠶ ᠪᠠᠷᠢᠯᠭ᠎ᠠ ᠶᠢᠨ ᠵᠡᠷᠭᠡ ᠲᠠᠰ ᠤᠨ ᠬᠢᠷᠢ ᠲᠦᠪᠰᠢᠨ ᠪᠣᠯᠤᠨ ᠮᠡᠷᠭᠡᠵᠢᠯ ᠤᠨ ᠠᠷᠭ᠎ᠠ | ᠬᠡᠮᠵᠢᠶ᠎ᠡ ᠳᠤ ᠲᠣᠳᠣᠷᠬᠠᠶ ᠱᠠᠭᠠᠷᠳᠠᠯᠭ᠎ᠠ ᠲᠤᠷᠠᠳᠤᠪᠠ᠃ ᠳᠠᠭᠠᠭᠠᠴᠢᠯᠠᠯᠲᠠ ᠵᠠᠷᠯᠠᠭᠴᠢ ᠶᠢ ᠤᠶᠤᠨᠴᠢ ᠦᠢᠯᠡᠳᠬᠦ ᠂ BIM ᠮᠡᠷᠭᠡᠵᠢᠯ᠂ ᠤᠭᠰᠠᠷᠠᠮᠠᠯ ᠮᠠᠶ᠋ᠢᠭ ᠤᠨ | ᠵᠠᠰᠠᠯ ᠴᠢᠮᠡᠭᠯᠡᠯ ᠳᠤ ᠱᠠᠭᠠᠷᠳᠠᠯᠭ᠎ᠠ ᠳᠤᠷᠠᠳᠬᠤ ᠶᠢ ᠵᠣᠷᠢᠭᠵᠢᠭᠤᠯᠤᠨ᠎ᠠ᠃ | ︵ᠲᠠᠪᠤ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠠᠮᠵᠢᠯᠲᠠ ᠪᠦᠲᠦᠮᠵᠢ ᠳᠤ ᠬᠤᠪᠢ ᠨᠡᠮᠡᠬᠦ ᠂ ᠬᠤᠪᠢ ᠬᠥᠮᠦᠨ ᠤ ᠠᠮᠵᠢᠯᠲᠠ ᠪᠦᠲᠦᠮᠵᠢ | ᠨᠢ ᠠᠵᠤ ᠠᠬᠤᠶᠢᠯᠠᠯ ᠤᠨ ᠠᠮᠵᠢᠯᠲᠠ ᠪᠦᠲᠦᠮᠵᠢ ᠠᠴᠠ ᠵᠣᠬᠢᠬᠤ ᠬᠡᠮᠵᠢᠶ᠎ᠡ ᠪᠠᠷ ᠥᠨᠳᠥᠷ ᠪᠠᠶᠢᠯᠭᠠᠵᠤ ᠪᠣᠯᠤᠨ᠎ᠠ ᠭᠡᠵᠤ ᠲᠤᠷᠠᠳᠴᠠᠢ ᠃ ᠳᠠᠭᠠᠭᠠᠴᠢᠯᠠᠯᠲᠠ ᠵᠠᠷᠯᠠᠭᠴᠢ ᠂ | ᠳᠠᠭᠠᠭᠠᠴᠢᠯᠠᠯᠲᠠ ᠬᠦᠯᠢᠶᠡᠭᠴᠢ ᠶᠢᠨ ᠲᠣᠮᠢᠯᠠᠨ ᠰᠠᠭᠤᠯᠭᠠᠭᠰᠠᠨ ᠲᠤᠬᠠᠶ ᠶᠢᠨ ᠲᠠᠯᠠᠪᠠᠶ ᠶᠢᠨ ᠪᠠᠷᠢᠯᠭ᠎ᠠ ᠶᠢᠨ ᠥᠪᠡᠷ ᠤᠨ ᠠᠵᠢᠯᠴᠢᠨ ᠤ ᠡᠵᠡᠯᠡᠬᠦ ᠬᠠᠷᠢᠴᠠᠯ ᠵᠢᠴᠢ | ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠬᠤ ᠳᠤ ᠱᠠᠭᠠᠷᠳᠠᠯᠭ᠎ᠠ ᠳᠤᠷᠠᠳᠬᠤ ᠶᠢ ᠵᠤᠷᠢᠭᠵᠢᠭᠤᠯᠬᠤ ᠶᠢᠨ ᠬᠠᠮᠳᠦ ᠂ ᠥᠪᠡᠷ ᠤᠨ ᠪᠠᠷᠢᠯᠭ᠎ᠠ ᠶᠢᠨ | ᠠᠵᠢᠯᠴᠢᠨ ᠤ ᠡᠵᠡᠯᠡᠬᠦ ᠬᠠᠷᠢᠴᠠᠯ ᠨᠢ ᠶᠡᠭᠡ ᠵᠢᠴᠢ ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠤᠭᠰᠠᠨ ᠢᠶᠠᠷ ᠠᠷᠪᠢᠨ᠂ ᠵᠡᠷᠭᠡ ᠳᠡᠰ ᠨᠢ ᠥᠨᠳᠥᠷ | ᠳᠠᠭᠠᠭᠠᠴᠢᠯᠠᠯᠲᠠ ᠬᠦᠯᠢᠶᠡᠭᠴᠢ ᠳᠤ ᠵᠣᠬᠢᠰᠲᠠᠶ ᠬᠤᠪᠢ ᠤᠯᠭᠤᠨ᠎ᠠ ᠃ | ︵ᠵᠢᠷᠭᠤᠭ᠎ᠠ︶ ᠳᠠᠭᠠᠭᠠᠴᠢᠯᠠᠯᠲᠠ ᠦᠨᠡᠯᠡᠬᠦ ᠮᠡᠳᠡᠭᠦᠯᠦᠯᠲᠡ᠂ ᠳᠠᠭᠠᠭᠠᠴᠢᠯᠠᠯᠲᠠ ᠣᠯᠤᠭᠰᠠᠨ ᠵᠢᠱᠢᠭᠳᠡᠭᠰᠡᠳ ᠤᠨ ᠨᠡᠶᠢᠳᠡᠯᠡᠯ ᠤᠨ ᠪᠣᠳᠠᠲᠠᠶ ᠠᠭᠤᠯᠭ᠎ᠠ ᠳᠤ ᠂ | ᠳᠠᠭᠠᠭᠠᠴᠢᠯᠠᠯᠲᠠ ᠣᠯᠤᠭᠰᠠᠨ ᠬᠥᠮᠦᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠤᠭᠳᠠᠭᠠᠯ ᠶᠤᠰᠤᠭᠠᠷ ᠨᠠᠶᠢᠷᠠᠭᠤᠯᠤᠨ ᠵᠤᠬᠢᠶᠠᠭᠰᠠᠨ ᠪᠠᠶᠢᠪᠠᠯ | ᠵᠣᠬᠢᠴᠠᠩᠭᠤᠶ ᠬᠤᠪᠢ ᠨᠡᠮᠡᠨ᠎ᠡ᠂ ᠭᠡᠪᠡᠴᠦ ᠬᠡᠷᠡᠭᠵᠢᠭᠦᠯᠬᠦ ᠶᠠᠪᠤᠴᠠ ᠳᠤ ᠭᠡᠷ᠎ᠡ ᠪᠠᠨ ᠭᠦᠢᠴᠡᠳᠬᠡᠭᠰᠡᠨ ᠦᠭᠡᠶ ᠪᠣᠯ᠂ ᠳᠠᠭᠠᠭᠠᠴᠢᠯᠠᠯᠲᠠ ᠵᠠᠷᠯᠠᠬᠤ ᠪᠢᠴᠢᠭ | ᠮᠠᠲ᠋ᠧᠷᠢᠶᠠᠯ ᠳᠤ ᠪᠣᠯᠵᠤᠭ᠎ᠠ ᠠᠴᠠ ᠵᠥᠷᠢᠴᠡᠭᠰᠡᠨ ᠢ ᠰᠢᠢᠳᠭᠡᠨ ᠲᠣᠷᠭᠠᠬᠤ ᠠᠷᠭ᠎ᠠ ᠬᠡᠮᠵᠢᠶ᠎ᠡ ᠵᠢᠴᠢ ᠭᠡᠷ᠎ᠡ ᠪᠠᠨ ᠦᠷᠭᠦᠯᠵᠢᠯᠡᠨ ᠬᠡᠷᠡᠭᠵᠢᠭᠦᠯᠦᠭᠰᠡᠨ ᠡᠰᠡᠬᠦ ᠶᠢ | ᠲᠣᠳᠣᠷᠬᠠᠶᠢᠯᠠᠬᠤ ᠶᠢᠨ ᠬᠠᠮᠲᠤ᠂ ᠳᠠᠭᠠᠭᠠᠴᠢᠯᠠᠯᠲᠠ ᠣᠯᠤᠭᠴᠢ ᠪᠠᠷ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠶᠢ ᠲᠤᠳᠤᠷᠬᠠᠶᠢᠯᠠᠪᠠ ᠃ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠭᠡᠷ᠎ᠡ ᠶᠢᠨ ᠵᠦᠢᠯ ᠵᠤᠷᠪᠤᠰ ᠲᠤ᠂ ᠳᠠᠭᠠᠭᠠᠴᠢᠯᠠᠯᠲᠠ ᠬᠦᠯᠢᠶᠡᠭᠴᠢ ᠳᠠᠭᠠᠭᠠᠴᠢᠯᠠᠯᠲᠠ ᠣᠯᠤᠭᠰᠠᠨ ᠤ | ᠳᠠᠷᠠᠭ᠎ᠠ ᠬᠠᠮᠢᠶᠠᠷᠤᠯᠲᠠ ᠶᠢᠨ ᠠᠵᠢᠯᠲᠠᠨ ᠢ ᠳᠤᠷ᠎ᠠ ᠪᠠᠷ ᠢᠶᠠᠨ ᠰᠣᠯᠢᠵᠤ ᠪᠣᠯᠬᠤ ᠦᠭᠡᠶ᠂ ᠦᠨᠡᠨᠬᠦ ᠰᠣᠯᠢᠬᠤ ᠴᠢᠬᠤᠯᠠ ᠲᠠᠢ ᠪᠣᠯ ᠬᠠᠮᠢᠶᠠᠷᠤᠯᠲᠠ ᠶᠢᠨ ᠠᠵᠢᠯᠲᠠᠨ ᠤ | ᠲᠤᠭ᠎ᠠ ᠬᠡᠮᠵᠢᠶ᠎ᠡ ᠶᠢᠨ 50% ᠠᠴᠠ ᠬᠡᠲᠦᠷᠡᠭᠦᠯᠵᠦ ᠪᠣᠯᠬᠤ ᠦᠭᠡᠶ ᠪᠥᠭᠡᠳ ᠬᠢᠷᠢ ᠬᠡᠮ᠂ ᠠᠵᠢᠯ ᠤᠨ ᠠᠮᠵᠢᠯᠲᠠ ᠪᠦᠲᠦᠮᠵᠢ᠂ ᠢᠲᠡᠭᠡᠯ ᠬᠦᠨᠳᠦ ᠵᠡᠷᠭᠡ ᠲᠠᠯ᠎ᠠ ᠪᠠᠷ | ᠬᠤᠪᠢᠷᠠᠬᠤ ᠠᠴᠠ ᠡᠮᠦᠨᠡᠬᠢ ᠬᠠᠮᠢᠶᠠᠷᠤᠯᠲᠠ ᠶᠢᠨ ᠠᠵᠢᠯᠲᠠᠨ ᠯᠤᠭ᠎ᠠ ᠨᠢᠭᠡᠳᠦᠯᠲᠡᠶ ᠪᠠᠶᠢᠯᠭᠠᠬᠤ ᠬᠡᠷᠡᠭᠲᠡᠶ ᠭᠡᠵᠤ ᠴᠢᠬᠤᠯᠠᠴᠢᠯᠠᠵᠠᠢ ︔ ᠡᠭᠦᠨ ᠤ ᠬᠠᠮᠲᠤ᠂ | ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠪᠠᠶᠢᠷᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠠᠭ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ | | ᠲᠠᠶᠢᠯᠤᠮᠵᠢ ᠬᠢᠭᠴᠢ᠄ ᠮᠠ ᠶᠢᠨ ᠴᠧᠨ᠂ ᠬᠠᠷᠢᠯᠴᠠᠬᠤ ᠠᠷᠭ᠎ᠠ᠄ 0471 - 6944780 | |