ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/7/20
    ᠥᠪᠥᠷ ᠪᠠᠶᠢᠭᠤᠯᠤᠯᠲᠠ ᠴᠢᠨᠠᠷ ﹇ 2024 ﹈ 131 ᠳ᠋ᠤᠭᠡᠷ ᠲᠣᠭᠠᠲᠤ     ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄    ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠬᠦᠷᠢᠶᠡᠨ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠴᠢᠳᠠᠪᠤᠷᠢᠲᠠᠨ ᠢ ᠬᠥᠬᠢᠭᠦᠯᠦᠨ ᠰᠠᠶᠢᠰᠢᠶᠠᠵᠤ᠂ ᠠᠵᠢᠯ ᠲᠥᠷᠥᠯ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠭᠵᠢᠭᠡᠨ᠂ ᠮᠠᠨ ᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠵᠢᠷᠤᠵᠤ ᠲᠥᠯᠥᠪᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ﹀ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠴᠢᠨᠠᠷ ﹇ 2023﹈ 226 ᠳ᠋ᠤᠭᠠᠷ ᠲᠣᠭᠠᠲᠤ︶ ︵ᠳᠣᠷᠣᠭᠰᠢ ᠮᠡᠳᠡᠭᠳᠡᠯ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠮᠡᠳᠡᠭᠦᠯᠬᠦ ᠬᠠᠮᠢᠶ᠎ᠠ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠭᠤᠶᠤᠴᠢᠯᠠᠨ ᠮᠡᠳᠡᠭᠦᠯᠬᠦ ᠳᠠᠷᠠᠭᠠᠯᠠᠯ    ︵ᠨᠢᠭᠡ︶ ᠲᠠᠨᠢᠯᠴᠠᠭᠤᠯᠬᠤ    ᠮᠡᠳᠡᠭᠦᠯᠦᠭᠴᠢ ᠶᠢ ᠠᠳᠠᠭ ᠲᠤ ᠪᠠᠨ 2 ᠠᠺᠠᠳᠧᠮᠢᠴᠢ ᠪᠤᠶᠤ ᠪᠦᠬᠦ ᠤᠯᠤᠰ ᠤᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠠᠴᠠ ᠲᠠᠨᠢᠯᠴᠠᠭᠤᠯᠬᠤ ᠬᠡᠷᠡᠭᠲᠡᠶ᠃ ᠪᠠᠲᠤᠯᠠᠨ ᠲᠠᠨᠢᠯᠴᠠᠭᠤᠯᠬᠤ ᠬᠥᠮᠦᠨ ᠪᠦᠷᠢ ᠶᠢᠨ ᠲᠠᠨᠢᠯᠴᠠᠭᠤᠯᠬᠤ ᠬᠥᠮᠦᠨ ᠤ ᠲᠤᠭ᠎ᠠ ᠶᠢ 3 ᠠᠴᠠ ᠬᠡᠲᠦᠷᠡᠭᠦᠯᠵᠦ ᠪᠣᠯᠬᠤ ᠦᠭᠡᠶ᠃    ︵ᠬᠤᠶᠠᠷ︶ ᠭᠤᠶᠤᠴᠢᠯᠠᠨ ᠮᠡᠳᠡᠭᠦᠯᠬᠦ    1. ᠲᠠᠨᠢᠯᠴᠠᠭᠤᠯᠬᠤ ᠪᠠᠷ ᠪᠣᠯᠣᠭᠰᠠᠨ ᠮᠡᠳᠡᠭᠦᠯᠦᠭᠴᠢ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠮᠥᠷᠲᠡᠭᠡᠨ ᠪᠠᠶᠢᠭ᠎ᠠ ᠨᠢᠭᠡᠴᠢ ᠪᠠᠷ ᠢᠶᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ 2024 ᠣᠨ ᠤ 7 ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠠᠩᠬ᠎ᠠ ᠠᠯᠬᠤᠮ ᠬᠢᠨᠠᠨ ᠬᠠᠷᠭᠤᠭᠤᠯᠵᠤ᠂ ᠠᠩᠬᠠᠨ ᠤ ᠬᠢᠨᠠᠯᠲᠠ ᠶᠢ ᠰᠦᠯᠵᠢᠶᠡᠨ ᠳᠡᠭᠡᠷ᠎ᠡ ᠨᠡᠶᠢᠲᠡᠯᠡᠬᠦ ᠳᠤ ᠪᠠᠨ10 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃    2. ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠮᠡᠳᠡᠭᠦᠯᠦᠭᠴᠢ 2024 ᠣᠨ ᠤ 8 ᠳ᠋ᠤᠭᠠᠷ ᠰᠠᠷ᠎ᠠ ᠶᠢᠨ 5 ᠤ ᠡᠳᠦᠷ ᠠᠴᠠ ᠡᠮᠦᠨ᠎ᠡ ᠬᠢᠨᠠᠨ ᠲᠣᠭᠲᠠᠭᠠᠬᠤ ᠰᠢᠰᠲ᠋ᠧᠮ ︵ http᠄ //110.16.72.146᠄ 38100︶ ᠳᠤ ᠨᠡᠪᠲᠡᠷᠡᠵᠦ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠤᠨ᠎ᠠ᠃ ᠠᠩᠬ᠎ᠠ ᠬᠢᠨᠠᠯᠲᠠ ᠶᠢᠨ ᠰᠠᠯᠠᠭ᠎ᠠ ᠮᠥᠴᠢᠷ ᠨᠢ ᠴᠠᠭᠠᠰᠤᠨ ᠮᠠᠲ᠋ᠧᠷᠢᠶᠠᠯ ᠢ ᠬᠤᠷᠢᠶᠠᠩᠭᠤᠶᠢᠯᠠᠨ ᠪᠢᠲᠡᠭᠦᠮᠵᠢᠯᠡᠵᠦ ᠲᠠᠮᠠᠭ᠎ᠠ ᠳᠠᠷᠤᠭᠰᠠᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠢᠯᠡᠭᠡᠨ᠎ᠡ᠃    ︵ᠭᠤᠷᠪᠠ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ    1. ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠭᠠᠷᠴᠠᠭ︔    2. ᠭᠤᠶᠤᠴᠢᠯᠠᠨ ᠮᠡᠳᠡᠭᠦᠯᠬᠦ ᠬᠦᠰᠦᠨᠦᠭᠲᠦ ︵4 ᠬᠤᠪᠢ︶︔    3. ᠪᠠᠲᠤᠯᠠᠨ ᠲᠠᠨᠢᠯᠴᠠᠭᠤᠯᠬᠤ ᠪᠢᠴᠢᠭ︔    4. ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ᠃ ᠳᠤᠤᠷᠠᠬᠢ ᠡᠯ᠎ᠡ ᠵᠦᠢᠯ ᠤᠨ ᠪᠠᠭᠤᠯᠭᠠᠪᠤᠷᠢ ᠪᠠᠷ ᠮᠡᠳᠡᠭᠦᠯᠬᠦ ᠲᠤᠯᠭᠤᠷ ᠮᠠᠲ᠋ᠧᠷᠢᠶᠠᠯ ᠢ ᠬᠠᠩᠭᠠᠵᠤ᠂ ᠪᠣᠶ ᠪᠥᠬᠦᠶ ᠪᠢᠴᠢᠭ ᠮᠠᠲ᠋ᠧᠷᠢᠶᠠᠯ ᠢ ᠲᠣᠳᠣᠷᠬᠠᠶ ᠤᠩᠰᠢᠵᠤ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠲᠠᠨᠢᠯᠴᠠᠭᠤᠯᠤᠭᠴᠢ ᠶᠢᠨ ᠬᠢᠷᠢ ᠬᠡᠮ ᠤᠨ ᠭᠡᠷᠡᠴᠢᠯᠡᠭᠡ᠄ ᠲᠠᠨᠢᠯᠴᠠᠭᠤᠯᠤᠭᠴᠢ ᠶᠢᠨ ᠪᠡᠶ᠎ᠡ ᠶᠢᠨ ᠭᠡᠷᠡᠴᠢ ᠵᠢᠴᠢ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ᠃    ᠮᠡᠳᠡᠭᠦᠯᠦᠭᠴᠢ ᠶᠢᠨ ᠬᠢᠷᠢ ᠬᠡᠮ ᠤᠨ ᠭᠡᠷᠡᠴᠢ᠄ ᠭᠤᠶᠤᠴᠢᠯᠠᠨ ᠮᠡᠳᠡᠭᠦᠯᠦᠭᠴᠢ ᠶᠢᠨ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠶᠢᠨ ᠭᠡᠷᠡᠴᠢ᠂ ᠠᠵᠢᠯ ᠡᠷᠭᠢᠯᠡᠬᠦ ᠳᠠᠩᠰᠠᠯᠠᠯ ᠤᠨ ᠬᠢᠷᠢ ᠬᠡᠮ ᠤᠨ ᠦᠨᠡᠮᠯᠡᠯᠪᠠᠷᠢᠯᠭ᠎ᠠ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠦᠵᠡᠭᠦᠯᠭᠡ᠄ ᠲᠥᠯᠥᠭᠡᠯᠡᠬᠦ ᠴᠢᠨᠠᠷᠲᠠᠢ ᠪᠠᠷᠢᠯᠭ᠎ᠠ ᠶᠢᠨ ᠮᠡᠷᠭᠡᠵᠢᠯ ᠤᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠵᠢᠩᠬᠢᠨᠢ ᠬᠢᠨᠠᠨ ᠲᠣᠭᠲᠠᠭᠠᠭᠰᠠᠨ ᠮᠡᠳᠡᠭᠦᠯᠦᠯᠲᠡ ᠵᠢᠴᠢ ᠬᠢᠨᠠᠨ ᠲᠣᠭᠲᠠᠭᠠᠭᠰᠠᠨ ᠦᠨᠡᠮᠯᠡᠯ ᠵᠢᠴᠢ ᠡᠳᠡᠭᠡᠷ ᠲᠦᠷᠦᠯ ᠵᠦᠢᠯ ᠪᠤᠶᠤ ᠦᠷ᠎ᠡ ᠪᠦᠲᠦᠭᠡᠯ ᠤᠨ ᠳᠣᠲᠣᠷ᠎ᠠ ᠭᠤᠶᠤᠴᠢᠯᠠᠨ ᠮᠡᠳᠡᠭᠦᠯᠦᠭᠴᠢ ᠵᠠᠩᠭᠢᠯᠠᠭ᠎ᠠ ᠶᠢᠨ ᠳᠦᠷᠢ ᠶᠢᠨ ᠭᠡᠷᠡᠴᠢᠯᠡᠬᠦ ᠮᠠᠲ᠋ᠧᠷᠢᠶᠠᠯ ᠢ ᠡᠭᠦᠷᠭᠡᠯᠡᠵᠦ᠂ ᠵᠢᠱᠢᠶᠡᠯᠡᠪᠡᠯ ᠭᠠᠷ ᠤᠨ ᠦᠰᠦᠭ ᠵᠢᠷᠤᠬᠤ ᠬᠠᠭᠤᠳᠠᠰᠤ ᠵᠡᠷᠭᠡ ᠪᠣᠯᠤᠨ᠎ᠠ᠃    ᠢᠷᠠᠭᠤ ᠠᠯᠳᠠᠷ ᠬᠢᠭᠡᠳ ᠱᠠᠩᠨᠠᠯ᠄ ᠣᠯᠤᠭᠰᠠᠨ ᠴᠢᠬᠤᠯᠠ ᠱᠠᠩᠨᠠᠯ ᠤᠨ ᠵᠦᠢᠯ ᠤᠨ ᠱᠠᠩᠨᠠᠯ ᠣᠯᠤᠭᠰᠠᠨ ᠦᠨᠡᠮᠯᠡᠯ᠃ᠡᠷᠳᠡᠮ ᠰᠢᠨᠵᠢᠯᠡᠭᠡᠨ ᠬᠢᠭᠡᠳ ᠮᠡᠷᠭᠡᠵᠢᠯ ᠤᠨ ᠬᠤᠪᠢ ᠨᠡᠮᠡᠷᠢ᠄ ᠬᠤᠯᠪᠣᠭᠳᠠᠬᠤ ᠡᠷᠳᠡᠮ ᠰᠢᠨᠵᠢᠯᠡᠭᠡᠨ ᠤ ᠬᠡᠪᠯᠡᠭᠳᠡᠬᠦᠨ ︵ᠵᠢᠱᠢᠶᠡᠯᠡᠪᠡᠯ ᠲᠤᠰᠬᠠᠢ ᠵᠣᠬᠢᠶᠠᠯ᠂ ᠥᠭᠦᠯᠡᠯ︶᠂ ᠲᠣᠭᠲᠠᠭᠠᠬᠤ ᠳᠤ ᠣᠷᠣᠯᠴᠠᠭᠰᠠᠨ ᠪᠠᠷᠢᠮᠵᠢᠶ᠎ᠠ᠂ ᠪᠠᠷᠢᠮᠵᠢᠶ᠎ᠠ ᠶᠢ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ᠂ ᠨᠢᠭᠡᠨᠲᠡ ᠡᠷᠬᠡ ᠣᠯᠭᠤᠭᠰᠠᠨ ᠲᠤᠰᠬᠠᠢ ᠠᠰᠢᠭ ᠤᠨ ᠦᠨᠡᠮᠯᠡᠯ᠂ ᠲᠤᠰᠬᠠᠢ ᠮᠡᠷᠭᠡᠵᠢᠯ ᠤᠨ ᠭᠡᠷᠡᠴᠢ ᠵᠡᠷᠭᠡ᠃    ᠲᠤᠰᠢᠶᠠᠭᠰᠠᠨ ᠭᠡᠷᠡᠴᠢᠯᠡᠬᠦ ᠮᠠᠲ᠋ᠧᠷᠢᠶᠠᠯ ᠨᠢ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢ ᠪᠠᠲᠤᠯᠠᠵᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠭᠤᠶᠤᠴᠢᠯᠠᠨ ᠮᠡᠳᠡᠭᠦᠯᠦᠭᠴᠢ ᠶᠢᠨ ᠬᠢᠷᠢ ᠬᠡᠮ ᠪᠠ ᠠᠮᠵᠢᠯᠲᠠ ᠪᠦᠲᠦᠮᠵᠢ ᠶᠢ ᠣᠨᠣᠪᠴᠢᠲᠠᠶ ᠦᠨᠡᠯᠡᠨ ᠵᠢᠱᠢᠵᠦ ᠳᠡᠶᠢᠯᠬᠦ ᠶᠢ ᠪᠠᠲᠤᠯᠠᠬᠤ ᠬᠡᠷᠡᠭᠲᠡᠶ᠃    ᠬᠤᠶᠠᠷ᠂ ᠰᠢᠯᠭᠠᠷᠠᠭᠤᠯᠤᠯᠲᠠ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠨᠠᠷᠠᠲᠤ ᠠᠺᠠᠳᠧᠮᠢᠴᠢ ᠪᠤᠶᠤ ᠤᠯᠤᠰ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ᠂ ᠨᠡᠷ᠎ᠡ ᠲᠥᠷᠥ ᠲᠠᠢ ᠲᠤᠰᠬᠠᠶ ᠮᠡᠷᠭᠡᠵᠢᠯᠲᠡᠨ᠂ ᠬᠤᠯᠪᠣᠭᠳᠠᠯ ᠪᠥᠬᠦᠶ ᠬᠥᠮᠦᠰ ᠢ ᠰᠣᠩᠭᠤᠨ ᠠᠩᠬᠠᠨ ᠤ ᠰᠢᠯᠭᠠᠷᠠᠭᠤᠯᠤᠯᠲᠠ ᠪᠠ ᠶᠡᠷᠦᠩᠬᠡᠶᠢᠯᠡᠭᠰᠡᠨ ᠰᠢᠯᠭᠠᠷᠠᠭᠤᠯᠬᠤ ᠠᠵᠢᠯ ᠢ ᠥᠷᠨᠢᠭᠦᠯᠵᠦ ᠂ ᠨᠡᠷ᠎ᠡ ᠳᠤᠷᠠᠳᠬᠤ ᠨᠡᠷᠡᠰ ᠢ ᠰᠣᠩᠭᠤᠨ ᠭᠠᠷᠭᠠᠨ᠎ᠠ᠃    ᠭᠤᠷᠪᠠ᠂ ᠨᠡᠶᠢᠲᠡᠯᠡᠯ ᠬᠢᠭᠡᠳ ᠮᠡᠳᠡᠭᠳᠡᠯ    ᠨᠡᠷ᠎ᠡ ᠲᠣᠷᠠᠳᠬᠤ ᠨᠡᠷᠡᠰ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠰᠦᠯᠵᠢᠶ᠎ᠡ ᠪᠠ ᠬᠠᠮᠢᠶ᠎ᠠ ᠪᠦᠬᠦᠢ ᠵᠠᠭᠤᠴᠢᠯᠠᠭᠤᠷ ᠲᠤ 10 ᠠᠵᠢᠯᠯᠠᠬᠤ ᠡᠳᠦᠷ ᠨᠡᠶᠢᠲᠡᠯᠡᠵᠦ᠂ ᠨᠡᠶᠢᠲᠡᠯᠡᠯ ᠳᠤ ᠣᠨᠳᠣᠣ ᠰᠠᠨᠠᠯ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠡᠴᠦᠰ ᠤᠨ ᠨᠡᠷᠡᠰ ᠢ ᠨᠡᠶᠢᠲᠡᠯᠡᠨ᠎ᠡ᠃    ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠮᠡᠳᠡᠭᠦᠯᠦᠭᠴᠢ ︽ᠮᠡᠳᠡᠭᠳᠡᠯ︾ ᠤᠨ ᠮᠡᠳᠡᠭᠦᠯᠬᠦ ᠨᠥᠬᠦᠴᠡᠯ ᠤᠨ ᠱᠠᠭᠠᠷᠳᠠᠯᠭ᠎ᠠ ᠶᠣᠰᠣᠭᠠᠷ ᠮᠡᠳᠡᠭᠦᠯᠬᠦ ᠬᠡᠷᠡᠭᠲᠡᠶ᠃    ︵ᠬᠤᠶᠠᠷ︶ ᠶᠠᠮᠠᠷᠪᠠ ᠬᠡᠯᠪᠡᠷᠢ ᠶᠢᠨ ᠲᠤᠰᠠᠯᠠᠨ ᠰᠣᠩᠭᠤᠬᠤ᠂ ᠪᠢᠯᠧᠲ ᠲᠠᠲᠠᠬᠤ ᠦᠢᠯᠡ ᠠᠵᠢᠯᠯᠠᠭ᠎ᠠ ᠶᠢ ᠬᠤᠷᠢᠭᠯᠠᠵᠤ᠂ ᠣᠯᠵᠤ ᠮᠡᠳᠡᠪᠡᠯ᠂ ᠰᠢᠯᠭᠠᠷᠠᠭᠤᠯᠤᠯᠲᠠ  ᠳᠤ ᠣᠷᠣᠯᠴᠠᠬᠤ ᠬᠢᠷᠢ ᠭᠡᠮ ᠢ ᠬᠦᠴᠦᠨ ᠦᠭᠡᠶ ᠪᠣᠯᠭᠠᠨ᠎ᠠ᠃    ︵ᠭᠤᠷᠪᠠ︶ ᠰᠢᠯᠭᠠᠷᠠᠭᠤᠯᠤᠨ ᠰᠣᠩᠭᠤᠬᠤ ᠶᠠᠪᠤᠴᠠ ᠳᠤ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠨᠢ ᠰᠢᠯᠭᠠᠷᠠᠭᠤᠯᠤᠯᠲᠠ ᠳᠤ ᠣᠷᠣᠯᠴᠠᠭᠰᠠᠨ ᠬᠥᠮᠦᠨ ᠨᠢᠭᠡᠪᠦᠷᠢ ᠳᠤ ᠪᠤᠰᠤᠳᠴᠢ ᠪᠠᠷ᠂ ᠲᠥᠪ ᠭᠤᠤᠯᠴᠢ ᠪᠠᠷ ᠬᠠᠨᠳᠤᠵᠤ᠂ ᠶᠠᠮᠠᠷ ᠴᠤ ᠭᠠᠳᠠᠭᠤᠷᠴᠢᠯᠠᠯ ᠪᠤᠶᠤ ᠥᠮᠥᠭᠯᠡᠯ ᠪᠠᠶᠢᠵᠤ ᠪᠣᠯᠬᠤ ᠦᠭᠡᠶ᠃    ︵ᠲᠦᠷᠪᠡ︶ ᠰᠢᠯᠭᠠᠷᠠᠭᠤᠯᠤᠨ ᠰᠣᠩᠭᠤᠬᠤ ᠶᠠᠪᠤᠴᠠ ᠳᠤ᠂ ᠰᠢᠯᠭᠠᠷᠠᠭᠤᠯᠤᠨ ᠰᠣᠩᠭᠤᠬᠤ ᠺᠣᠮᠢᠰ ᠤᠨ ᠭᠡᠰᠢᠭᠦᠨ ᠰᠢᠯᠭᠠᠷᠠᠭᠤᠯᠤᠨ ᠰᠣᠩᠭᠤᠭᠰᠠᠨ ᠦᠷ᠎ᠡ ᠳ᠋ᠦᠩ ᠵᠡᠷᠭᠡ ᠠᠭᠤᠯᠭ᠎ᠠ ᠶᠢ ᠴᠢᠩᠭ᠎ᠠ ᠨᠢᠭᠤᠴᠠᠯᠠᠵᠤ᠂ ᠶᠠᠮᠠᠷᠪᠠ ᠬᠠᠮᠢᠶ᠎ᠠ ᠪᠦᠬᠦᠢ ᠬᠥᠮᠦᠰ ᠲᠤ ᠵᠠᠳᠠᠷᠠᠭᠤᠯᠵᠤ ᠪᠣᠯᠬᠤ ᠦᠭᠡᠶ᠃    ᠬᠠᠷᠢᠯᠴᠠᠬᠤ ᠬᠦᠮᠦᠨ᠄ ᠯᠢ ᠵᠢᠩ ᠪᠥᠸᠧ    ᠬᠠᠷᠢᠯᠴᠠᠬᠤ ᠤᠲᠠᠰᠤ᠄ 0471 - 69394 69᠂ 6945765    ᠢᠮᠧᠯ᠄ nmgzac@163.com     ᠳᠠᠭᠠᠯᠳᠤᠭᠤᠯᠤᠯ᠄     1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠭᠠᠷᠴᠠᠭ    2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠤ ᠭᠤᠶᠤᠴᠢᠯᠠᠨ ᠮᠡᠳᠡᠭᠦᠯᠬᠦ ᠬᠦᠰᠦᠨᠦᠭᠲᠦ    3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠮᠡᠷᠭᠡᠵᠢᠯᠲᠡᠨ ᠤ ᠲᠠᠨᠢᠯᠴᠠᠭᠤᠯᠬᠤ ᠪᠢᠴᠢᠭ        2024 ᠣᠨ ᠤ 6 ᠳ᠋ᠤᠭᠠᠷ ᠰᠠᠷ᠎ᠠ ᠶᠢᠨ 17 ᠤ ᠡᠳᠦᠷ  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ