︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/7/22
    ﹇2024 ﹈ 86 ᠳ᠋ᠤᠭᠠᠷ ᠲᠣᠭᠠᠲᠤ     ᠮᠠᠨ ᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠪᠠᠷ ᠰᠠᠭᠤᠷᠢᠯᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠴᠣᠭᠴᠠᠯᠠᠨ ᠪᠠᠶᠢᠭᠤᠯᠵᠤ᠂ ᠡᠷᠬᠡ ᠲᠡᠭᠰᠢ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠡᠳᠦᠭᠡ ᠬᠠᠮᠢᠶ᠎ᠠ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠬᠤᠷᠠᠯ ᠤᠨ ᠴᠠᠭ    2024 ᠣᠨ ᠤ 7 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 10 ᠴᠠᠭ    ᠬᠤᠶᠠᠷ᠂ ᠬᠤᠷᠠᠯ ᠤᠨ ᠭᠠᠵᠠᠷ    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ 215 ᠥᠷᠥᠭᠡ ︵ᠬᠥᠬᠡᠬᠤᠲᠠ ᠶᠢᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ ᠬᠤᠶᠠᠳᠤᠭᠠᠷ ᠳᠠᠪᠬᠤᠷ︶    ᠭᠤᠷᠪᠠ᠂ ᠨᠡᠷ᠎ᠡ ᠮᠡᠳᠡᠭᠦᠯᠬᠦ ᠱᠠᠭᠠᠷᠳᠠᠯᠭ᠎ᠠ    ︵ᠨᠢᠭᠡ︶  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢᠨ ᠠᠷᠪᠠᠨ ᠭᠤᠷᠪᠠᠳᠤᠭᠠᠷ ᠵᠤᠷᠪᠤᠰ ᠤᠨ ︵ ᠬᠤᠶᠠᠷ︶ ᠳ᠋ᠤᠭᠠᠷ ᠵᠦᠢᠯ ᠤᠨ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠴᠥᠮ ᠭᠡᠷᠡᠴᠢᠯᠡᠭᠡ ᠰᠣᠨᠣᠰᠬᠤ ᠲᠤᠰ ᠬᠤᠷᠠᠯ ᠳᠤ ᠣᠷᠣᠯᠴᠠᠬᠤ ᠪᠠᠷ ᠭᠤᠶᠤᠴᠢᠯᠠᠵᠤ ᠪᠣᠯᠤᠨ᠎ᠠ︔    ︵ᠬᠤᠶᠠᠷ︶ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠴᠢ ᠪᠠᠷ ᠲᠣᠭᠲᠠᠭᠠᠭᠳᠠᠪᠠᠯ᠂ ᠪᠡᠶ᠎ᠡ ᠪᠠᠷ ᠢᠶᠠᠨ ᠭᠡᠷᠡᠴᠢᠯᠡᠭᠡ ᠰᠣᠨᠣᠰᠬᠤ ᠳᠤ ᠣᠷᠣᠯᠴᠠᠬᠤ ᠬᠡᠷᠡᠭᠲᠡᠶ ᠂ ᠪᠤᠰᠤᠳ ᠢ ᠨᠠᠶᠢᠳᠠᠨ ᠣᠷᠣᠯᠴᠠᠭᠤᠯᠵᠤ ᠪᠣᠯᠬᠤ ᠦᠭᠡᠶ︔    ︵ᠭᠤᠷᠪᠠ︶ ᠭᠡᠷᠡᠴᠢᠯᠡᠭᠡ ᠰᠣᠨᠤᠰᠬᠤ ᠬᠤᠷᠠᠯ ᠳᠤ ᠣᠷᠤᠯᠴᠠᠭᠴᠢ ᠪᠣᠳᠠᠳᠤ ᠬᠡᠷᠡᠭ ᠲᠤ ᠰᠢᠳᠤᠷᠭᠤ ᠪᠠᠶᠢᠵᠤ᠂ ᠲᠥᠯᠥᠭᠡᠯᠡᠬᠦ ᠠᠷᠠᠳ ᠢᠷᠭᠡᠨ᠂ ᠬᠠᠤᠯᠢ ᠶᠢᠨ ᠬᠥᠮᠥᠨ ᠪᠠ ᠪᠣᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ ᠪᠤᠰᠤᠳᠴᠢ ᠪᠠᠷ ᠲᠤᠰᠬᠠᠬᠤ ᠬᠡᠷᠡᠭᠲᠡᠢ︔    ︵ᠲᠦᠷᠪᠡ︶ ᠭᠡᠷᠡᠴᠢᠯᠡᠭᠡ ᠰᠣᠨᠣᠰᠬᠤ ᠬᠤᠷᠠᠯ ᠳᠡᠭᠡᠷᠡᠬᠢ ᠬᠠᠩᠭᠠᠭᠰᠠᠨ ᠮᠠᠲ᠋ᠧᠷᠢᠶᠠᠯ ᠨᠢ ᠵᠥᠪᠬᠡᠨ ᠭᠡᠷᠡᠴᠢᠯᠡᠭᠡ ᠰᠣᠨᠣᠰᠬᠤ ᠳᠤ ᠣᠷᠣᠯᠴᠠᠭᠴᠢ ᠶᠢᠨ ᠰᠠᠨᠠᠯ ᠢᠶᠠᠨ ᠳᠤᠷᠠᠳᠬᠤ ᠳᠤ ᠯᠠᠪᠯᠠᠯᠲᠠ ᠪᠣᠯᠭᠠᠵᠤ᠂ ᠬᠤᠷᠠᠯ ᠤᠨ ᠳᠠᠷᠠᠭ᠎ᠠ ᠬᠤᠷᠢᠶᠠᠨ ᠠᠪᠤᠨ᠎ᠠ᠃    ︵ᠲᠠᠪᠤ︶ ᠭᠡᠷᠡᠴᠢᠯᠡᠭᠡ ᠰᠣᠨᠣᠰᠬᠤ ᠳᠤ ᠣᠷᠣᠯᠴᠠᠭᠴᠢ ᠭᠡᠷᠡᠴᠢᠯᠡᠭᠡ ᠰᠣᠨᠣᠰᠬᠤ ᠬᠤᠷᠠᠯ ᠤᠨ ᠰᠠᠬᠢᠯᠭ᠎ᠠ ᠪᠠᠲᠤ ᠶᠢ ᠵᠢᠷᠤᠮᠯᠠᠨ᠂ ᠤᠯᠤᠰ ᠤᠨ ᠨᠢᠭᠤᠴᠠ ᠶᠢ ᠬᠠᠮᠠᠭᠠᠯᠠᠬᠤ ᠬᠡᠷᠡᠭᠲᠡᠶ᠂ ᠱᠤᠤᠭᠢᠯᠳᠤᠵᠤ ᠪᠣᠯᠬᠤ ᠦᠭᠡᠶ᠂ ᠳᠤᠮᠳᠠ ᠠᠴᠠ ᠨᠢ ᠤᠴᠢᠷ ᠰᠢᠯᠲᠠᠭᠠᠨ ᠦᠭᠡᠶ ᠪᠠᠷ ᠲᠠᠯᠠᠪᠤᠷ ᠠᠴᠠ ᠭᠠᠷᠴᠤ ᠪᠣᠯᠬᠤ ᠦᠭᠡᠶ᠃ ᠲᠤᠬᠠᠶ ᠶᠢᠨ ᠴᠠᠭ ᠲᠤ ᠨᠢ ᠲᠣᠭᠲᠠᠭᠰᠠᠨ ᠴᠠᠭ ᠲᠤ ᠪᠠᠨ ᠣᠷᠣᠯᠴᠠᠬᠤ ᠬᠡᠷᠡᠭᠲᠡᠶ᠂ ᠬᠤᠭᠤᠴᠠᠭ᠎ᠠ ᠥᠩᠭᠡᠷᠡᠲᠡᠯ᠎ᠡ ᠲᠤᠬᠠᠶ ᠶᠢᠨ ᠭᠠᠵᠠᠷ ᠲᠤ ᠨᠢ ᠬᠦᠷᠬᠦ ᠦᠭᠡᠶ ᠪᠥᠭᠡᠳ ᠵᠦᠢ ᠶᠣᠰᠣᠨ ᠤ ᠤᠴᠢᠷ ᠰᠢᠯᠲᠠᠭᠠᠨ ᠦᠭᠡᠶ ᠪᠣᠯ ᠲᠤᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠦᠭᠡᠢ ᠪᠣᠯᠣᠭᠰᠠᠨ ᠢᠶᠠᠷ ᠦᠵᠡᠨ᠎ᠡ᠃    ᠳᠥᠷᠪᠡ᠂ ᠨᠡᠷ᠎ᠡ ᠮᠡᠳᠡᠭᠦᠯᠬᠦ ᠠᠷᠭ᠎ᠠ ᠬᠡᠯᠪᠡᠷᠢ    ᠨᠡᠷ᠎ᠡ ᠮᠡᠳᠡᠭᠦᠯᠬᠦ ᠳᠤ ᠡᠯᠧᠺᠲᠷᠣᠨ ᠨᠡᠷ᠎ᠡ ᠮᠡᠳᠡᠭᠦᠯᠬᠦ ᠠᠷᠭ᠎ᠠ ᠬᠡᠯᠪᠡᠷᠢ ᠶᠢ ᠠᠪᠴᠤ᠂ ᠨᠡᠷ᠎ᠡ ᠮᠡᠳᠡᠭᠦᠯᠦᠭᠴᠢ ᠨᠢ ᠪᠦᠷᠢᠨ ᠪᠦᠲᠦᠨ ︽ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠪᠠ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠵᠦᠢᠯ ᠢ ᠢᠮᠧᠯ ᠢᠶᠠᠷ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠠᠭᠤᠭᠠᠯᠢ ᠲᠣᠭᠤᠷᠢᠭ ᠬᠢᠭᠡᠳ ᠠᠳᠠᠯ ᠠᠬᠤᠶ ᠶᠢᠨ ᠬᠠᠮᠢᠶᠠᠷᠤᠯᠲᠠ ᠶᠢᠨ ᠭᠠᠵᠠᠷ ᠲᠤ ᠢᠯᠡᠭᠡᠨ᠎ᠡ᠃ ᠨᠡᠷ᠎ᠡ ᠮᠡᠳᠡᠭᠦᠯᠬᠦ ᠲᠡᠭᠦᠰᠬᠦ ᠴᠠᠭ᠄ 2024 ᠣᠨ ᠤ 7 ᠳ᠋ᠤᠭᠠᠷ ᠰᠠᠷ᠎ᠠ ᠶᠢᠨ 15 ᠤ ᠡᠳᠦᠷ ᠤᠨ 17᠄ 00 ᠴᠠᠭ ᠪᠣᠯᠲᠠᠯ᠎ᠠ᠃    ᠬᠠᠷᠢᠯᠴᠠᠬᠤ ᠬᠥᠮᠥ᠄ ᠰᠢᠦᠢ ᠶᠠᠨ ᠴᠢᠦ    ᠬᠠᠷᠢᠯᠴᠠᠬᠤ ᠤᠲᠠᠰᠤ᠄ 0471 - 6945925    ᠢᠮᠧᠯ᠄ nmgzjtwyc@163.com     ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ        2024 ᠣᠨ ᠤ 7 ᠳ᠋ᠤᠭᠠᠷ ᠰᠠᠷ᠎ᠠ ᠶᠢᠨ 10 ᠤ ᠡᠳᠦᠷ 

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ