ᠥᠪᠥᠷ ᠪᠠᠶᠢᠭᠤᠯᠤᠯᠲᠠ ᠵᠠᠰᠠᠭ ᠵᠠᠬᠢᠳᠠᠯ ﹇2024﹈ 137 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠢᠩᠭᠠᠨ ᠠᠶᠢᠮᠠᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠦᠩᠯᠢᠶᠣᠤ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠣᠷᠳᠣᠰ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠳᠤ᠄ | ︽ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢ ᠰᠣᠯᠢᠵᠤ ᠠᠪᠬᠤ ᠪᠠ | ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ | ᠮᠡᠳᠡᠭᠳᠡᠯ︾ ︵ᠪᠦᠲᠦᠭᠡᠨ ᠪᠠᠶᠢᠭᠤᠯᠤᠯᠲᠠ ᠵᠠᠰᠠᠭ ﹇2023﹈ 47 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ | ᠣᠶᠢᠷ᠎ᠠ ᠶᠢᠨ ᠬᠤᠭᠤᠴᠠᠭᠠᠨ ᠤ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢ | ᠰᠣᠯᠢᠵᠤ ᠠᠪᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠤᠰᠠᠳᠠ᠂ ᠡᠳᠦᠭᠡ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ | ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢ ᠰᠣᠯᠢᠵᠤ ᠠᠪᠬᠤ ᠬᠤᠯᠪᠣᠭᠳᠠᠯ ᠪᠦᠬᠦᠢ ᠵᠦᠢᠯᠡᠰ ᠤᠨ ᠲᠤᠬᠠᠶ ᠨᠥᠬᠦᠪᠥᠷᠢ ᠶᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ︽ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠳᠤ ᠲᠣᠭᠲᠠᠭᠠᠭᠰᠠᠨ ᠵᠥᠪᠰᠢᠶᠡᠷᠡᠯ ᠤᠨ | ᠱᠠᠲᠤ ᠳᠠᠪᠬᠤᠷᠭ᠎ᠠ ᠶᠣᠰᠣᠭᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠨᠢ ᠨᠢᠭᠡᠨᠲᠡ ᠢᠨᠵᠧᠨᠧᠷᠢᠩ ᠤᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠤᠯᠬᠤ | ᠂ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠴᠢᠳᠠᠮᠵᠢ ᠶᠢᠨ ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ | ᠦᠨᠡᠮᠯᠡᠯ ᠢ ᠨᠢᠭᠡᠨᠲᠡ ᠰᠣᠯᠢᠵᠤ ᠠᠪᠤᠭᠠᠳ ᠰᠠᠯᠭᠠᠵᠤ᠂ ᠵᠥᠪᠰᠢᠶᠡᠷᠡᠯ ᠤᠨ ᠲᠠᠰ ᠳᠠᠪᠬᠤᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠷᠢ ᠬᠡᠮ ᠤᠨ | ᠲᠥᠷᠥᠯ ᠢᠯᠭᠠᠯ ᠤᠨ ᠰᠢᠨ᠎ᠡ ᠪᠠᠷ ᠪᠣᠶ ᠪᠣᠯᠤᠭᠰᠠᠨ ᠦᠨᠡᠮᠯᠡᠯ ᠤᠨ ᠳ᠋ᠤᠭᠠᠷ ᠨᠢ ︽D215XXXXXX ︵ᠲᠦᠷ ᠴᠠᠭ︶︾ ᠶᠢᠨ ᠲᠦᠷ ᠴᠠᠭ ᠤᠨ ᠦᠨᠡᠮᠯᠡᠯ | ᠪᠠᠶᠢᠵᠤ᠂ ᠵᠥᠪᠰᠢᠶᠡᠷᠡᠯ ᠤᠨ ᠲᠠᠰ ᠳᠠᠪᠬᠤᠷᠭ᠎ᠠ ᠨᠢ ᠠᠶᠢᠮᠠᠭ ᠬᠤᠲᠠ ᠶᠢᠨ ᠲᠠᠰ ᠤᠨ ᠬᠢᠷᠢ ᠬᠡᠮ ᠤᠨ ᠲᠥᠷᠥᠯ ᠢᠯᠭᠠᠯ ᠨᠢ ᠮᠥᠨ ᠬᠦ ᠤᠤᠯ ᠤᠨ D3 | ᠡᠬᠢᠯᠡᠯᠲᠡ ᠶᠢᠨ ᠬᠢᠷᠢ ᠬᠡᠮ ᠤᠨ ᠦᠨᠡᠮᠯᠡᠯ ᠳᠡᠭᠡᠷ᠎ᠡ ᠦᠯᠡᠳᠡᠨ᠎ᠡ᠃ | ᠬᠤᠶᠠᠷ᠂ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ ᠪᠠ ᠦᠨᠡᠮᠯᠡᠯ ᠰᠣᠯᠢᠭᠰᠠᠨ ᠤ ᠳᠠᠷᠠᠭᠠᠬᠢ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ | ᠨᠢᠭᠡᠳᠦᠯ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠨᠢ ᠢᠨᠵᠧᠨᠧᠷᠢᠩ ᠤᠨ ᠬᠠᠶᠢᠨ | ᠪᠠᠶᠢᠴᠠᠭᠠᠬᠤ ᠬᠢᠷᠢ ᠬᠡᠮ᠂ ᠢᠨᠵᠧᠨᠧᠷᠢᠩ ᠤᠨ ᠵᠢᠷᠤᠵᠤ ᠲᠥᠯᠥᠪᠯᠡᠬᠦ ᠬᠢᠷᠢ ᠬᠡᠮ ᠵᠢᠴᠢ ᠢᠨᠵᠧᠨᠧᠷᠢᠩ ᠤᠨ ᠬᠢᠨᠠᠨ ᠬᠠᠮᠢᠶᠠᠷᠬᠤ ᠬᠢᠷᠢ ᠬᠡᠮ ᠢ ᠰᠣᠯᠢᠵᠤ ᠠᠪᠤᠭᠰᠠᠨ | ᠠᠵᠤ ᠠᠬᠤᠶᠢᠯᠠᠯ ᠤᠨ ᠤᠤᠯ ᠤᠨ ᠬᠢᠷᠢ ᠬᠡᠮ ᠤᠨ ᠦᠨᠡᠮᠯᠡᠯ ᠤᠨ ᠳ᠋ᠤᠭᠠᠷ ᠲᠤ ︽ᠲᠦᠷ ᠴᠠᠭ︾ ᠭᠡᠰᠡᠨ ᠥᠰᠥᠭ ᠲᠠᠢ ᠵᠣᠬᠢᠴᠠᠯᠳᠤᠭᠰᠠᠨ ᠲᠦᠷ ᠴᠠᠭ ᠤᠨ | ᠦᠨᠡᠮᠯᠡᠯ ᠢ ᠨᠡᠮᠡᠵᠦ ᠠᠪᠤᠨ᠎ᠠ᠃ | ᠭᠤᠷᠪᠠ᠂ ᠢᠨᠵᠧᠨᠧᠷᠢᠩ ᠤᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠢ ᠬᠠᠷᠠᠬᠠᠨ ᠰᠣᠯᠢᠵᠤ ᠠᠪᠤᠭᠠᠳᠤᠶ ᠠᠵᠤ ᠠᠬᠤᠶᠢᠯᠠᠯ ᠨᠢ ᠮᠥᠨ ᠴᠢᠳᠠᠮᠵᠢ ᠶᠢᠨ | ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠠᠵᠤ ᠠᠬᠤᠶᠢᠯᠠᠯ ᠤᠨ ᠪᠠᠶᠢᠭ᠎ᠠ ᠠᠶᠢᠮᠠᠭ ᠬᠤᠲᠠ ᠶᠢᠨ ᠢᠨᠵᠧᠨᠧᠷᠢᠩ ᠤᠨ ᠦᠢᠯᠡᠰ ᠤᠨ | ᠠᠵᠤ ᠠᠬᠤᠶᠢᠯᠠᠯ ᠤᠨ ᠬᠢᠷᠢ ᠭᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠦᠨᠡᠮᠯᠡᠯ ᠢᠶᠠᠨ ᠰᠣᠯᠢᠵᠤ ᠠᠪᠬᠤ ᠭᠤᠶᠤᠴᠢᠯᠠᠯ ᠭᠠᠷᠭᠠᠵᠤ | ᠪᠣᠯᠤᠨ᠎ᠠ᠃ | ᠳᠥᠷᠪᠡ᠂ ᠠᠵᠤ ᠠᠬᠤᠶᠢᠯᠠᠯ ᠲᠦᠷ ᠴᠠᠭ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠬᠤᠯᠪᠣᠭᠳᠠᠯ ᠪᠦᠬᠦᠢ ᠬᠢᠷᠢ ᠭᠡᠮ ᠤᠨ | ᠬᠠᠮᠢᠶᠠᠷᠤᠯᠲᠠ ᠶᠢᠨ ᠲᠣᠭᠲᠠᠭᠠᠯ ᠪᠣᠯᠤᠨ ᠬᠢᠷᠢ ᠭᠡᠮ ᠤᠨ ᠪᠠᠷᠢᠮᠵᠢᠶ᠎ᠠ ᠶᠣᠰᠣᠭᠠᠷ ᠦᠷᠭᠦᠯᠵᠢᠯᠡᠭᠦᠯᠬᠦ ᠪᠠᠷ ᠭᠤᠶᠤᠴᠢᠯᠠᠵᠤ᠂ ᠲᠦᠷ ᠴᠠᠭ ᠤᠨ ᠦᠨᠡᠮᠯᠡᠯ ᠤᠨ | ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠶ ᠪᠣᠯ ᠬᠤᠭᠤᠴᠠᠭ᠎ᠠ ᠥᠩᠭᠡᠷᠡᠯ᠎ᠡ ᠠᠶᠠᠨᠳᠠᠭᠠᠨ ᠬᠦᠴᠦᠨ | ᠦᠭᠡᠶ ᠪᠣᠯᠤᠨ᠎ᠠ᠃ | | 2024 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ | |