ᠦᠦᠰᠢᠨ ᠬᠤᠰᠢᠭᠤᠨ ᠤ ᠤᠶᠤᠨᠲᠤ ᠬᠤᠲᠠ ᠶᠢᠨ ︽1 + 4 +N︾ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠶᠤᠨᠲᠤ ᠬᠤᠲᠠ ᠶᠢᠨ ᠶᠡᠭᠡ ᠬᠤᠷᠠᠯ ᠲᠡᠭᠡᠷ᠎ᠡ ︽2024 ᠤᠶᠤᠨᠲᠤ ᠬᠤᠲᠠ ᠶᠢᠨ ᠬᠤᠰᠢᠭᠤᠴᠢ︾ ᠰᠢᠯᠢᠳᠡᠭ ᠬᠡᠷᠡᠭ ᠤᠨ ᠵᠢᠱᠢᠶ᠎ᠡ ᠶᠢᠨ ᠬᠤᠶᠠᠳᠤᠭᠠᠷ ᠳᠡᠰ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2024/7/24
    7 ᠳ᠋ᠤᠭᠠᠷ ᠰᠠᠷ᠎ᠠ ᠶᠢᠨ 18 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠵᠢᠭᠠᠨ ᠵᠢᠯᠣᠭᠤᠳᠴᠤ᠂ ᠳᠤᠮᠳᠠᠳᠤ ᠤᠯᠤᠰ ᠤᠨ ᠬᠡᠮᠵᠢᠨ ᠵᠢᠷᠤᠭᠯᠠᠬᠤ ᠨᠡᠶᠢᠭᠡᠮᠯᠢᠭ᠂ ᠳᠤᠮᠳᠠᠳᠤ ᠤᠯᠤᠰ ᠤᠨ ᠦᠢᠯᠡᠴᠢᠯᠡᠭᠡ ᠠᠷᠠᠯᠵᠢᠶᠠᠨ ᠤ ᠨᠡᠶᠢᠭᠡᠮᠯᠢᠭ᠂ ᠳᠤᠮᠳᠠᠳᠤ ᠤᠯᠤᠰ ᠤᠨ ᠠᠯᠤᠰ ᠰᠡᠷᠡᠯ ᠤᠨ ᠵᠥᠪᠯᠡᠯ ᠠᠴᠠ ᠭᠤᠤᠯᠴᠢᠯᠠᠨ ᠡᠷᠭᠢᠯᠡᠭᠰᠡᠨ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠶᠤᠨᠲᠤ ᠬᠤᠲᠠ ᠶᠢᠨ ᠶᠡᠭᠡ ᠬᠤᠷᠠᠯ ᠬᠤᠨᠠᠨ ᠤ ᠴᠠᠩᠱᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠶᠡᠭᠡ ᠬᠤᠷᠠᠯ ᠨᠢ ︽ᠬᠤᠲᠠ ᠶᠢᠨ ᠪᠥᠬᠦ ᠴᠠᠷᠠᠭᠠᠨ ᠤ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ ᠤᠶᠤᠨᠴᠢ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ︾ ᠪᠠᠷ ᠭᠤᠤᠯ ᠰᠡᠳᠦᠪ ᠪᠣᠯᠭᠠᠵᠤ᠂ ︽2024 ᠤᠶᠤᠨᠲᠤ ᠬᠤᠲᠠ ᠶᠢᠨ ᠬᠤᠰᠢᠭᠤᠴᠢ︾ ᠶᠢᠨ ᠰᠢᠯᠢᠳᠡᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠭᠤᠶᠤᠴᠢᠯᠠᠨ ᠮᠡᠳᠡᠭᠦᠯᠦᠭᠰᠡᠨ ᠦᠦᠰᠢᠨ ᠬᠤᠰᠢᠭᠤᠨ ᠤ ᠤᠶᠤᠨᠲᠤ ᠬᠤᠲᠠ ᠶᠢᠨ ︽1 + 4 + N︾ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠬᠡᠷᠡᠭ ᠤᠨ ᠵᠢᠱᠢᠶ᠎ᠡ ᠪᠣᠯᠤᠭᠰᠠᠨ ᠤ ᠬᠤᠪᠢ ᠳᠤ᠂ ᠪᠥᠬᠦ ᠤᠯᠤᠰ ᠤᠨ 400 ᠭᠠᠷᠤᠶ ᠬᠡᠷᠡᠭ ᠤᠨ ᠵᠢᠱᠢᠶ᠎ᠡ ᠶᠢᠨ ᠳᠣᠲᠣᠷ᠎ᠠ ᠠᠴᠠ ᠴᠣᠯᠭᠤᠷᠠᠨ ᠭᠠᠷᠴᠤ᠂ ᠰᠢᠯᠢᠳᠡᠭ ᠬᠡᠷᠡᠭ ᠤᠨ ᠵᠢᠱᠢᠶ᠎ᠡ ᠶᠢᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃
1.png
    ᠣᠶᠢᠷ᠎ᠠ ᠶᠢᠨ ᠵᠢᠯ ᠠᠴᠠ᠂ ᠬᠤᠲᠠ ᠪᠠᠯᠭᠠᠰᠤᠵᠢᠯᠲᠠ ᠶᠢᠨ ᠭᠦᠨᠵᠡᠭᠡᠶᠢᠷᠡᠨ ᠠᠭᠢᠬᠤ ᠶᠢ ᠳᠠᠭᠠᠯᠳᠤᠨ᠂ ᠦᠦᠰᠢᠨ ᠬᠤᠰᠢᠭᠤᠨ ᠤ ᠬᠤᠲᠠ ᠶᠢᠨ ᠬᠡᠪᠴᠢᠶᠡᠵᠢᠯ ᠦᠳᠲᠡᠷ ᠲᠦᠷᠭᠡᠨ ᠥᠷᠭᠡᠵᠢᠵᠦ᠂ ᠬᠥᠮᠦᠨ ᠠᠮᠠ ᠶᠢᠨ ᠦᠰᠦᠯᠳᠡ ᠲᠦᠷᠭᠡᠳᠴᠦ᠂ ᠬᠥᠮᠦᠨ ᠠᠮᠠ ᠶᠢᠨ ᠨᠢᠭᠲᠠᠴᠠ ᠵᠢᠯ ᠳᠠᠷᠠᠭᠠᠯᠠᠨ ᠳᠡᠭᠡᠭᠰᠢᠯᠡᠵᠦ᠂ ᠮᠠᠰᠢ ᠣᠯᠠᠨ ᠬᠤᠲᠠ ᠶᠢᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠤᠷᠢ ᠠᠴᠠ ︽ᠬᠡᠳᠦᠷᠡᠬᠦ︾ ᠪᠠᠶᠢᠳᠠᠯ ᠪᠣᠶ ᠪᠣᠯᠭᠠᠵᠤ᠂ ᠣᠷᠣᠰᠢᠨ ᠰᠠᠭᠤᠬᠤ ᠳᠤ ᠲᠤᠬᠢᠷᠠᠮᠵᠢ ᠦᠭᠡᠢ᠂ ᠲᠠᠭᠠᠯᠠᠮᠵᠢ ᠥᠬᠡᠶ᠂ ᠳᠥᠭᠦᠮ ᠥᠬᠡᠶ᠂ ᠣᠶᠤᠨᠴᠢ ᠪᠢᠰᠢ᠂ ᠣᠳᠣᠬᠢᠴᠢᠯᠠᠯᠲᠠ ᠥᠬᠡᠶ ︽ᠬᠤᠲᠠ ᠶᠢᠨ ᠡᠪᠡᠳᠴᠢᠨ︾ ᠢ ᠢᠯᠡᠷᠡᠭᠦᠯᠵᠦ᠂ ᠬᠤᠲᠠ ᠶᠢᠨ ᠤᠶᠤᠨᠴᠢᠯᠠᠯᠲᠠ᠂ ᠨᠠᠷᠢᠯᠢᠭᠵᠢᠭᠤᠯᠤᠯᠳᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠤᠯᠵᠠᠢ᠃    ᠬᠤᠲᠠ ᠶᠢᠨ ᠠᠵᠢᠯᠯᠠᠭᠠᠨ ᠤ ᠠᠮᠤᠷ ᠲᠦᠪᠰᠢᠨ᠂ ᠥᠨᠳᠥᠷ ᠪᠦᠲᠦᠮᠵᠢᠲᠡᠶ᠂ ᠡᠷᠡᠭᠦᠯ ᠮᠡᠨᠳᠦ᠂ ᠤᠶᠤᠨᠴᠢ᠂ ᠠᠷᠠᠳ ᠲᠤ ᠲᠥᠬᠦᠮ ᠦᠵᠡᠭᠦᠯᠬᠦ ᠶᠢ ᠪᠠᠲᠤᠯᠠᠬᠤ ᠶᠢᠨ ᠲᠥᠯᠥᠭᠡ᠂ ᠦᠦᠰᠢᠨ ᠬᠤᠰᠢᠭᠤ ᠬᠤᠲᠠ ᠶᠢᠨ ᠰᠢᠨᠡᠴᠢᠯᠡᠯᠳᠡ ᠪᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠭᠰᠠᠨ ᠰᠠᠭᠤᠷᠢᠨ ᠳᠡᠭᠡᠷ᠎ᠡ᠂ ᠬᠤᠲᠠ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠲᠠ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠪᠠ ᠪᠠᠷᠢᠯᠭ᠎ᠠ ᠶᠢᠨ ᠦᠢᠯᠡᠰ ᠤᠨ ᠲᠠᠰ ᠳᠡᠪᠰᠢᠬᠦ ᠶᠢ ᠠᠬᠢᠭᠤᠯᠪᠠ᠃
111.png
    ︽1 + 4 + N︾ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠂ ᠲᠠᠷᠤᠢ 1 ᠶᠡᠷᠦᠩᠬᠡᠶᠢᠯᠡᠭᠰᠡᠨ ᠲᠣᠭᠠᠴᠢᠯᠠᠭᠰᠠᠨ ᠡᠬᠢ ᠪᠠᠶᠠᠯᠢᠭ ᠤᠨ ᠲᠥᠪ᠂ 4 ᠲᠤᠬᠠᠶᠢᠯᠠᠭᠰᠠᠨ ᠠᠵᠢᠯ ᠤᠨ ᠲᠠᠪᠴᠠᠩ ︵ᠬᠤᠲᠠ ᠶᠢᠨ ᠠᠮᠢ ᠨᠠᠰᠤᠨ ᠤ ᠱᠤᠭᠤᠮ᠂ ᠬᠤᠲᠠ ᠶᠢᠨ ᠤᠰᠤᠲᠤᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠣᠶᠤᠨᠴᠢ ᠪᠠᠷᠢᠯᠭ᠎ᠠ ᠶᠢᠨ ᠭᠠᠵᠠᠷ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠡᠲᠦ ᠳᠡᠯᠭᠡᠭᠦᠷ︶ ᠪᠠ ︽N︾ ᠲᠣᠭᠠᠴᠢᠯᠠᠭᠰᠠᠨ ᠬᠡᠷᠡᠭᠯᠡᠭᠡᠨ ᠤ ᠲᠠᠯᠠᠪᠠᠶ ᠶᠢ ᠪᠠᠶᠢᠭᠤᠯᠬᠤ ᠪᠠᠷ ᠳᠠᠮᠵᠢᠭᠤᠯᠤᠨ᠂ ᠬᠤᠲᠠ ᠶᠢᠨ ᠰᠠᠭᠤᠷᠢ ᠲᠥᠬᠦᠭᠡᠷᠦᠮᠵᠢ᠂ ᠬᠤᠲᠠ ᠶᠢᠨ ᠠᠮᠢ ᠨᠠᠰᠤᠨ ᠤ ᠱᠤᠭᠤᠮ᠂ ᠬᠤᠲᠠ ᠶᠢᠨ ᠤᠰᠤᠲᠤᠯ᠂ ᠪᠠᠷᠢᠯᠭ᠎ᠠ ᠶᠢᠨ ᠭᠠᠵᠠᠷ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠳᠤ ᠴᠠᠭ ᠲᠤᠬᠠᠶ ᠳᠤᠨᠢ ᠬᠢᠨᠠᠨ ᠬᠡᠮᠵᠢᠯᠲᠡ ᠬᠢᠵᠦ᠂ ᠣᠳᠣᠬᠢᠴᠢᠯᠠᠭᠰᠠᠨ᠂ ᠤᠶᠤᠨᠴᠢᠯᠠᠭᠰᠠᠨ ᠠᠷᠭ᠎ᠠ ᠪᠠᠷᠢᠯ ᠢᠶᠠᠷ ᠣᠯᠠᠨ ᠲᠦᠮᠡᠨ ᠤ ᠲᠤᠰᠬᠠᠭᠰᠠᠨ ᠬᠦᠴᠢᠷ ᠠᠰᠠᠭᠤᠳᠠᠯ᠂ ᠲᠦᠭᠵᠢᠷᠡᠯ ᠤᠨ ᠴᠡᠭ᠂ ᠡᠪᠡᠷᠰᠢᠶᠡᠯ ᠤᠨ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃ᠳᠠᠷᠠᠭᠠᠴᠢ ᠶᠢᠨ ᠠᠯᠬᠤᠮ ᠳᠤ᠂ ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠰᠢᠨᠡᠴᠢᠯᠡᠯᠲᠡ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ᠂ ︽ᠲᠤᠯᠠᠭᠠᠯᠭ᠎ᠠ ᠶᠢᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠲᠦᠷᠭᠡᠳᠬᠡᠵᠦ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ᠂ AI ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠳᠤ ᠲᠦᠰᠢᠭᠯᠡᠨ᠂ ᠬᠤᠲᠠ ᠶᠢᠨ ᠠᠵᠢᠯᠯᠠᠭᠠᠨ ᠤ ᠤᠶᠤᠨᠴᠢᠯᠠᠯᠲᠠ ᠪᠠ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠯᠲᠠ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠬᠤᠲᠠ ᠶᠢᠨ ᠠᠵᠢᠯᠯᠠᠭᠠᠨ ᠤ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠪᠡᠶᠡᠯᠡᠭᠦᠯᠦᠨ᠎ᠡ᠃ ᠬᠤᠳᠠ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ᠂ ᠨᠡᠩ ᠤᠶᠠᠨ ᠬᠠᠳᠠᠨ ᠂ ᠨᠡᠩ ᠤᠶᠤᠨᠴᠢ ᠪᠣᠯᠭᠠᠵᠤ᠂ ᠬᠤᠳᠠ ᠶᠢᠨ ᠠᠷᠠᠳ ᠤᠨ ᠠᠮᠤᠷ ᠲᠦᠪᠰᠢᠨ ᠤ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠭᠦᠯᠦᠨ᠎ᠡ᠃ 
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠳᠦᠪ