ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠲᠢᠩᠬᠢᠮ ᠤᠨ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/26
    ᠲᠢᠩᠬᠢᠮ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠶᠢ ᠲᠡᠭᠡᠭᠰᠢᠯᠡᠭᠦᠯᠵᠦ᠂ ᠭᠡᠨᠡᠳᠲᠡ ᠶᠢᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ ᠂ ᠪᠠᠴᠢᠮ ᠪᠠᠶᠢᠳᠠᠯ ᠤᠨ ᠳᠣᠣᠷ᠎ᠠ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠶᠢ ᠦᠳᠲᠡᠷ ᠲᠦᠷᠭᠡᠨ᠂ ᠪᠦᠲᠦᠮᠵᠢᠲᠡᠶ ᠪᠠᠷ ᠬᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 24 ᠤ ᠡᠳᠦᠷ᠂ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢᠨ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃
W020240725337619305419.jpg
    ᠪᠤᠯᠪᠠᠰᠤᠷᠠᠯ ᠨᠢ ︽ᠣᠨᠣᠯ ᠤᠨ ᠲᠠᠶᠢᠯᠪᠤᠷᠢᠯᠠᠯᠲᠠ + ᠲᠤᠬᠠᠶ ᠶᠢᠨ ᠲᠠᠯᠠᠪᠤᠷ  ᠤᠨ ᠦᠵᠡᠭᠦᠯᠦᠯᠭᠡ + ᠪᠣᠳᠠᠲᠠᠶ ᠠᠵᠢᠯᠯᠠᠭᠠᠨ ᠤ ᠪᠣᠯᠪᠠᠰᠤᠷᠠᠯ︾ ᠤᠨ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠨ᠂ ᠵᠢᠷᠦᠬᠡ ᠠᠭᠤᠰᠬᠢᠨ ᠤ ᠰᠡᠷᠭᠦᠭᠡᠯᠳᠡ ︵CPR︶ ᠶᠢᠨ ᠠᠵᠢᠯᠯᠠᠭ᠎ᠠ᠂ ᠪᠡᠶ᠎ᠡ ᠶᠢᠨ ᠭᠠᠳᠠᠨᠠᠬᠢ ᠴᠡᠴᠡᠷᠬᠢᠯᠡᠯ ᠢ ᠠᠷᠢᠯᠭᠠᠬᠤ ᠠᠦ᠋ᠲ᠋ᠣ᠋ ᠮᠠᠰᠢᠨ ︵AED︶ ᠢ ᠬᠡᠷᠡᠭᠯᠡᠬᠦ᠂ ᠠᠮᠢᠰᠬᠤᠯ ᠤᠨ ᠵᠠᠮ ᠳᠠᠬᠢ ᠣᠨᠳᠣᠤ ᠪᠣᠳᠠᠰ ᠤᠨ ᠲᠦᠭᠵᠢᠷᠡᠯ ᠢ ᠠᠪᠤᠷᠠᠨ ᠲᠤᠰᠠᠯᠠᠬᠤ᠂ ᠰᠢᠷᠬ᠎ᠠ ᠶᠢ ᠪᠣᠭᠤᠬᠤ ᠵᠡᠷᠭᠡ ᠲᠦᠷᠭᠡᠨ ᠠᠪᠤᠷᠠᠬᠤ ᠮᠡᠳᠡᠯᠭᠡ ᠶᠢ ᠪᠥᠬᠦ ᠲᠠᠯ᠎ᠠ ᠪᠠᠷ ᠲᠠᠶᠢᠯᠪᠤᠷᠢᠯᠠᠪᠠ᠃ ᠡᠭᠦᠨ ᠤ ᠬᠠᠮᠲᠤ᠂ ᠲᠦᠷᠭᠡᠨ ᠠᠪᠤᠷᠠᠯᠲᠠ ᠶᠢᠨ ︽ᠰᠢᠵᠢᠷ ᠠᠯᠲᠠᠨ 4 ᠮᠢᠨᠦ᠋ᠲ︾ ᠤᠨ ᠴᠢᠬᠤᠯᠠ ᠴᠢᠨᠠᠷ᠂ ᠡᠳᠦᠷ ᠲᠤᠲᠤᠮ ᠤᠨ ᠲᠦᠷᠭᠡᠨ ᠠᠪᠤᠷᠠᠯᠲᠠ ᠵᠢᠴᠢ ᠭᠡᠨᠡᠳᠲᠡ ᠶᠢᠨ ᠠᠳᠡᠯ ᠤᠨ ᠳᠠᠷᠠᠭᠠᠬᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠮᠡᠳᠡᠯᠭᠡ ᠶᠢ ᠲᠠᠨᠢᠯᠴᠠᠭᠤᠯᠤᠭᠰᠠᠨ ᠪᠥᠭᠡᠳ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠨᠢᠭᠡᠳ ᠨᠢᠭᠡ ᠪᠠᠷ ᠲᠤᠬᠠᠶ ᠶᠢᠨ ᠲᠠᠯᠠᠪᠤᠷ ᠤᠨ ᠪᠣᠳᠠᠲᠠᠶ ᠠᠵᠢᠯᠯᠠᠭᠠᠨ ᠤ ᠰᠣᠷᠢᠯᠲᠠ ᠳᠤ ᠤᠷᠤᠯᠴᠠᠭᠤᠯᠵᠠᠢ᠃ ᠪᠤᠯᠪᠠᠰᠤᠷᠠᠯ ᠤᠨ ᠠᠭᠤᠯᠭ᠎ᠠ ᠨᠢ ᠭᠦᠢᠬᠡᠨ ᠠᠴᠠ ᠭᠦᠨᠵᠡᠭᠡᠶ ᠲᠡᠰᠢ ᠂ ᠬᠢᠯᠪᠠᠷ ᠣᠶᠢᠯᠠᠭᠠᠮᠵᠢᠲᠠᠶ ᠂ ᠬᠠᠷᠢᠯᠴᠠᠨ ᠬᠥᠳᠡᠯᠦᠯᠴᠡᠬᠦ ᠴᠢᠨᠠᠷᠲᠠᠶ ᠂ ᠰᠢᠨᠵᠢᠯᠡᠬᠦ ᠤᠬᠠᠭᠠᠨᠴᠢ ᠴᠢᠨᠠᠷ ᠢᠶᠠᠷ ᠴᠢᠩᠭ᠎ᠠ᠂ ᠰᠢᠰᠲ᠋ᠧᠮᠳᠦ ᠴᠢᠨᠠᠷᠳᠠᠢ ᠵᠢᠭᠠᠨ ᠰᠤᠷᠭᠠᠯᠲᠠ ᠪᠠᠷ ᠳᠠᠮᠵᠢᠭᠤᠯᠤᠨ ᠰᠤᠷᠤᠭᠴᠢᠳ ᠤᠨ ᠮᠡᠳᠡᠯᠭᠡ ᠪᠠ ᠤᠷ᠎ᠠ ᠴᠢᠳᠠᠪᠤᠷᠢ ᠡᠵᠡᠮᠰᠢᠬᠦ ᠶᠢ ᠦᠨᠡᠨ‌‍ᠬᠦ ᠯᠠᠪᠳᠠᠭᠤᠨ  ᠪᠠᠳᠤᠳᠠᠢ ᠪᠡᠶᠡᠯᠡᠭᠦᠯᠪᠡ ᠃
W020240725337619417680.jpg
    ᠪᠣᠳᠠᠲᠠᠶ ᠠᠵᠢᠯᠯᠠᠭᠠᠨ ᠤ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠰᠤᠷᠤᠭᠴᠢᠳ ᠲᠤ ᠤᠯᠠᠭᠠᠨ ᠵᠠᠭᠠᠯᠮᠠᠶᠢᠲᠠᠨ ᠤ ᠠᠪᠤᠷᠠᠨ ᠲᠤᠰᠠᠯᠠᠭᠴᠢ ︵ᠠᠩᠬ᠎ᠠ ᠵᠡᠷᠭᠡ ᠶᠢᠨ︶ ᠶᠢᠨ ᠦᠨᠡᠮᠯᠡᠯ ᠤᠯᠭᠤᠭᠰᠠᠨ ᠪᠠᠶᠢᠨ᠎ᠠ᠃ 
ᠢᠷᠡᠯᠲᠡ᠄ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ