ᠪᠥᠬᠦ ᠣᠷᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/26
    7 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠠᠩᠭᠢ ᠪᠥᠬᠦ ᠣᠷᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠩᠭᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ  ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠲᠣᠰ ᠠᠵᠢᠯ ᠲᠥᠷᠥᠯ ᠤᠨ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠲᠤᠬᠠᠶ ᠵᠠᠷᠯᠠᠨ ᠮᠡᠳᠡᠭᠳᠡᠵᠦ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠠᠩᠭᠢ ᠶᠢᠨ ᠬᠤᠷᠠᠯᠳᠤᠭᠤᠯᠤᠭᠴᠢ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠠᠴᠠ᠂ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠴᠣᠬᠤᠯᠠᠪᠤᠷᠢ   ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ︽ᠠᠷᠠᠳ ᠲᠦᠮᠡᠨ ᠢ ᠳᠡᠭᠡᠳᠦᠯᠡᠬᠦ ︾᠂ ︽ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠦ ᠪᠤᠯᠬᠤ ᠦᠭᠡᠢ︾ ᠭᠡᠬᠦ ᠬᠠᠷᠢᠭᠤᠴᠠᠯᠭᠠᠲᠤ ᠰᠡᠳᠬᠢᠯᠭᠡ ᠪᠠᠨ ︽ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠰᠠᠭᠤᠳᠠᠯ  ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠬᠦᠳᠦᠯᠡᠪᠦᠷᠢ ᠪᠣᠯᠭᠠᠬᠤ ᠶᠢ ᠪᠠᠷᠢᠮᠲᠠᠯᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠶᠢᠯᠠᠨ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠵᠤ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠤᠤᠯ ᠴᠢᠨᠠᠷ ᠤᠨ ᠠᠮᠤᠷ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠵᠢᠯ ᠢᠶᠠᠨ ᠬᠤᠪᠢᠶᠠᠷᠢᠯᠠᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠢᠲᠠᠮᠠᠬᠠᠶ ᠬᠡᠶ ᠶᠢᠨ ᠬᠤᠭᠤᠯᠠᠶ ᠶᠢᠨ ︽ᠭᠡᠮ ᠲᠠᠢ ᠠᠵᠢᠯᠯᠠᠭ᠎ᠠ︾ ᠶᠢᠨ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠴᠢᠩᠭ᠎ᠠ ᠠᠳᠬᠤᠵᠤ᠂ ᠪᠦᠬᠦᠨ ᠢ ᠬᠠᠮᠤᠷᠴᠤ᠂ ᠥᠨᠴᠥᠭ ᠪᠤᠯᠤᠩ ᠥᠬᠡᠶ ᠵᠢᠭᠰᠠᠭᠠᠨ ᠪᠠᠶᠢᠴᠠᠭᠠᠵᠤ᠂ ᠳᠠᠯᠳᠠ ᠬᠡᠮ ᠲᠠᠢ ᠬᠤᠭᠤᠯᠠᠶ ᠲᠣᠤᠷ ᠤᠨ ᠴᠡᠭᠴᠡᠯᠡᠨ ᠵᠠᠰᠠᠬᠤ ᠶᠢ ᠲᠦᠷᠭᠡᠳᠬᠡᠬᠦ ᠬᠡᠷᠡᠭᠲᠡᠶ᠃ ᠲᠤᠰᠬᠠᠶᠢᠯᠠᠨ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠤᠨ ᠪᠠᠷᠢᠮᠵᠢᠶ᠎ᠠ ᠵᠢᠷᠤᠮᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠠᠩᠭᠢ ᠶᠢᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠵᠢᠴᠢ ᠪᠦᠷᠢᠯᠳᠦᠬᠦᠨ ᠨᠢᠭᠡᠴᠢ ᠭᠤᠤᠯ ᠲᠠᠯᠠᠪᠠᠶ ᠶᠢᠨ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠠᠩᠭᠢ ᠶᠢᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠵᠢᠴᠢ ᠪᠦᠷᠢᠯᠳᠦᠬᠦᠨ ᠨᠢᠭᠡᠴᠢ ᠬᠤᠪᠢᠶᠠᠷᠢ ᠲᠠᠯᠠᠪᠠᠶ ᠶᠢᠨ ᠬᠤᠷᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ