ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ‌ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/7/26
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 7 ᠰᠠᠷ᠎ᠠ ᠶᠢᠨ 25 ᠤ ᠡᠳᠦᠷ ᠬᠤᠷᠠᠯ ᠬᠤᠷᠠᠯᠳᠤᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ ᠃  ᠬᠤᠷᠠᠯ ᠠᠴᠠ᠂ ᠡᠨᠡ ᠵᠢᠯ ᠤᠨ ᠮᠠᠨ ᠤ ᠤᠯᠤᠰ ᠤᠨ ᠠᠭᠤᠷ ᠠᠮᠢᠰᠬᠤᠯ ᠤᠨ ᠵᠢᠯ ᠤᠨ ᠥᠩᠭᠡ ᠠᠨᠠᠢ ᠂ ᠰᠢᠷᠦᠭᠦᠨ ᠪᠣᠷᠣᠭᠠᠨ ᠣᠷᠣᠬᠤ ᠶᠠᠪᠤᠴᠠ ᠤᠯᠠᠨ ᠂ ᠦᠷᠭᠦᠯᠵᠢᠯᠡᠬᠦ ᠴᠠᠭ ᠤᠷᠳᠤ ᠂ ᠭᠤᠣᠯ ᠮᠥᠷᠡᠨ ᠤ ᠦᠶᠡᠷ ᠡᠷᠲᠡ ᠡᠭᠦᠰᠴᠦ ᠂ ᠬᠤᠪᠢᠷᠠᠯᠲᠠ ᠲᠦᠷᠭᠡᠨ ᠪᠠᠶᠢᠵᠤ ᠂ ᠵᠠᠷᠢᠮ ᠭᠠᠵᠠᠷ ᠣᠷᠣᠨ ᠲᠠᠭᠢᠨ ᠳᠠᠪᠲᠠᠨ ᠰᠢᠷᠦᠭᠦᠨ ᠪᠣᠷᠣᠭᠠᠨ ᠳᠤ ᠳᠠᠭᠠᠷᠢᠬᠳᠠᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠠᠷᠤᠢ ᠲᠦᠷᠭᠡᠨ ᠬᠥᠳᠡᠯᠦᠯᠴᠡᠵᠦ ᠂ ᠪᠦᠭᠦ ᠬᠦᠴᠦ ᠪᠠᠷ ᠢᠶᠠᠨ ᠠᠷᠭᠠᠴᠠᠵᠤ ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠬᠦᠴᠦ ᠪᠠᠨ ᠬᠠᠮᠲᠤᠳᠬᠠᠨ ᠬᠠᠮᠵᠢᠯᠴᠠᠵᠤ ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯᠣᠨ ᠡᠯ᠎ᠡ ᠲᠦᠷᠦᠯ ᠤᠨ ᠲᠤᠰᠬᠠᠢ ᠠᠪᠤᠷᠠᠨ ᠲᠤᠰᠠᠯᠠᠬᠤ ᠬᠦᠴᠦᠨ ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ ᠂ ᠡᠮᠦᠨ᠎ᠡ ᠨᠢ ᠭᠠᠪᠰᠢᠭᠠᠶᠢᠯᠠᠵᠤ ᠂ ᠥᠷᠭᠡᠨ ᠤᠯᠠᠨ ᠺᠠᠳ᠋ᠷ ᠤᠯᠠᠨ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠲᠦᠮᠡᠨ ᠤᠯᠠᠨ ᠢᠶᠠᠷ ᠢᠶᠠᠨ ᠪᠣᠯᠣᠳ ᠬᠡᠷᠡᠮ ᠪᠣᠯᠵᠤ ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠴᠢᠬᠤᠯᠠ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ ᠃  ᠬᠤᠷᠠᠯ ᠠᠴᠠ᠂ ᠣᠳᠣᠬᠠᠨ ᠳᠤ ᠮᠠᠨ ᠤ ᠤᠯᠤᠰ ᠶᠠᠭ ︽ ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ ᠂ ᠬᠥᠬᠡᠮᠥ᠋ᠷᠡᠨ ᠵᠡᠷᠭᠡ ᠰᠠᠪᠠ ᠭᠠᠵᠠᠷ ᠤᠨ ᠦᠶᠡᠷ ᠤᠨ ᠣᠷᠭᠢᠯ ᠢ ᠰᠡᠷᠭᠡᠶᠢᠯᠡᠬᠦ ᠂ ᠳᠠᠯᠠᠩ ᠰᠡᠳᠡᠷᠡᠭᠦ ᠠᠴᠠ ᠰᠡᠷᠭᠡᠶᠢᠯᠡᠬᠦ ᠂ ᠤᠰᠤᠲᠤᠯ ᠢ ᠭᠠᠳᠠᠭᠰᠢᠯᠠᠭᠤᠯᠬᠤ ᠳᠠᠷᠤᠯᠲᠠ ᠪᠠᠭᠤᠷᠠᠬᠤ ᠦᠭᠡᠢ ᠪᠠᠶᠢᠵᠤ ᠂ ᠬᠠᠲᠤᠨ ᠭᠤᠣᠯ ᠂ ᠬᠤᠸᠠᠶᠢᠾᠧ ᠭᠤᠣᠯ ᠂ ᠬᠠᠶᠢᠾᠧ ᠭᠤᠣᠯ ᠂ ᠰᠤᠩᠭᠠᠷᠢ ᠮᠥᠷᠡᠨ ᠯᠢᠶᠣᠤᠾᠧ ᠭᠤᠣᠯ ᠤᠨ ᠰᠠᠪᠠ ᠭᠠᠵᠠᠷ ᠲᠤ ᠨᠡᠯᠢᠶᠡᠳ ᠬᠦᠨᠳᠦ ᠦᠶᠡᠷ ᠤᠨ ᠪᠠᠶᠢᠳᠠᠯ ᠭᠠᠷᠴᠤ ᠮᠡᠳᠡᠬᠦ ᠪᠥᠭᠡᠳ ᠲᠠᠶᠢᠹᠧᠩ ᠰᠠᠯᠬᠢ ᠢᠳᠡᠪᠬᠢ ᠬᠤᠭᠤᠴᠠᠭᠠᠨ ᠳᠤ ᠣᠷᠣᠬᠤ ᠲᠠᠢ ᠳᠠᠪᠬᠤᠴᠠᠵᠤ ᠂ ᠦᠶᠡᠷ ᠢ ᠰᠡᠷᠭᠡᠶᠢᠯᠡᠬᠦ ᠪᠠᠶᠢᠳᠠᠯ ᠨᠠᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ ᠬᠢᠨᠠᠨ ᠬᠡᠮᠵᠢᠬᠦ ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠤᠷᠢᠳᠴᠢᠯᠠᠨ ᠰᠡᠷᠡᠮᠵᠢᠯᠡᠭᠦᠯᠭᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠴᠤᠤᠷᠢᠶᠠᠲᠤᠨ ᠳᠠᠭᠠᠬᠤ ᠬᠤᠷᠳᠤᠴᠠ ᠶᠢ ᠲᠦᠷᠭᠡᠳᠬᠡᠵᠦ ᠂ ᠰᠡᠷᠭᠡᠶᠢᠯᠡᠬᠦ ᠭᠤᠣᠯᠳᠠᠯᠭ᠎ᠠ ᠶᠢ ᠳᠣᠪᠤᠶᠢᠯᠭᠠᠵᠤ ᠂ ᠦᠨᠳᠦᠰᠦᠨ ᠱᠠᠲᠤᠨ ᠤ ᠦᠵᠦᠭᠦᠷ ᠬᠡᠰᠡᠭ ᠢ ᠴᠢᠩᠭ᠎ᠠ ᠠᠩᠬᠠᠷᠴᠤ ᠂ ᠠᠶᠤᠯᠲᠠᠢ ᠣᠷᠣᠨ ᠤ ᠣᠯᠠᠨ ᠲᠦᠮᠡᠨ ᠢ ᠤᠷᠢᠳᠴᠢᠯᠠᠨ ᠡᠷᠡᠰ ᠰᠢᠭᠤᠷᠬᠠᠢ ᠪᠠᠷ ᠰᠢᠯᠵᠢᠭᠦᠯᠵᠦ ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠃ ᠴᠢᠬᠤᠯᠠ ᠬᠠᠰᠢᠯᠭ᠎ᠠ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠂ ᠦᠶᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠰᠡᠷᠭᠡᠶᠢᠯᠡᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ ᠂ ᠪᠠᠭᠤᠷᠠᠢ ᠬᠠᠰᠢᠯᠭ᠎ᠠ ᠶᠢᠨ ᠬᠡᠰᠡᠭ ᠂ ᠠᠶᠤᠯᠲᠠᠢ ᠪᠠᠷᠢᠯᠭ᠎ᠠ ᠶᠢᠨ ᠬᠡᠰᠡᠭ ᠂ ᠠᠶᠤᠯᠲᠠᠢ ᠤᠰᠤᠨ ᠴᠥᠭᠦᠷᠥᠮ ᠢ ᠭᠤᠣᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠶᠢ ᠳᠣᠪᠤᠶᠢᠯᠭᠠᠵᠤ ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠶᠡᠭᠡ ᠮᠥᠷᠡᠨ ᠶᠡᠭᠡ ᠭᠤᠣᠯ ᠤᠨ ᠬᠠᠰᠢᠯᠭ᠎ᠠ ᠰᠡᠲᠡᠷᠡᠭᠦ ᠂ ᠲᠣᠮᠣ ᠭᠡᠯᠪᠡᠷᠢ ᠶᠢᠨ ᠪᠠ ᠭᠤᠣᠯᠳᠠᠯᠭ᠎ᠠ ᠲᠠᠢ ᠳᠤᠮᠳᠠ ᠭᠡᠯᠪᠡᠷᠢ ᠶᠢᠨ ᠤᠰᠤᠨ ᠴᠥᠭᠦᠷᠥᠮ ᠤᠨ ᠬᠠᠰᠢᠯᠭ᠎ᠠ ᠨᠤᠷᠠᠬᠤ ᠠᠴᠠ ᠡᠷᠡᠰ ᠵᠠᠶᠢᠯᠠᠰᠬᠢᠬᠦ ᠬᠡᠷᠡᠭᠲᠡᠢ ᠃ ᠦᠶᠡᠷ ᠢ ᠰᠡᠷᠭᠡᠶᠢᠯᠡᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ ᠂ ᠦᠶᠡᠷ ᠢ ᠲᠣᠭᠲᠠᠭᠠᠬᠤ ᠣᠷᠣᠨ ᠤ ᠬᠡᠷᠡᠭᠯᠡᠬᠦ ᠪᠡᠯᠡᠳᠬᠡᠯ ᠢ ᠨᠠᠷᠢᠯᠢᠭᠵᠢᠭᠤᠯᠬᠤ ᠬᠡᠷᠡᠭᠲᠡᠢ ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠂ ᠪᠠᠷᠠᠭᠤᠨ ᠣᠷᠣᠨ ᠤ ᠰᠢᠲᠠᠮᠠᠬᠠᠢ ᠬᠡᠢ ᠶᠢ ᠵᠡᠭᠦᠨᠰᠢ ᠳᠠᠮᠵᠢᠭᠤᠯᠬᠤ ᠂ ᠵᠠᠰᠠᠮᠠᠯ ᠵᠠᠮ ᠲᠡᠮᠦᠷ ᠵᠠᠮ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠵᠢᠴᠢ ᠬᠤᠲᠠ ᠶᠢᠨ ᠭᠠᠵᠠᠷ ᠳᠣᠣᠷᠠᠬᠢ ᠣᠷᠣᠨ ᠵᠠᠢ ᠂ ᠬᠥᠭᠦᠷᠭᠡ ᠭᠤᠯᠳᠤᠩ ᠨᠦᠭᠡᠨ ᠵᠠᠮ ᠵᠡᠷᠭᠡ ᠭᠤᠣᠯᠳᠠᠯᠭ᠎ᠠ ᠲᠠᠢ ᠭᠠᠵᠠᠷ ᠲᠤ ᠴᠢᠭᠯᠡᠭᠦᠯᠵᠦ ᠂ ᠠᠶᠤᠯ ᠲᠦᠭᠰᠢᠭᠦᠷᠢ ᠭᠡᠮ ᠰᠣᠭᠤᠭ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠮᠤᠷ ᠲᠦᠪᠰᠢᠨ ᠢᠶᠠᠷ ᠠᠶᠠᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠤᠷᠢᠳᠴᠢᠯᠠᠨ ᠪᠠᠶᠢᠷᠢᠯᠠᠭᠤᠯᠬᠤ ᠶᠢ ᠴᠢᠩᠭᠠᠳᠬᠠᠬᠤ ᠬᠡᠷᠡᠭᠲᠡᠢ ᠃ ᠴᠢᠯᠦᠭᠡᠯᠡᠬᠦ ᠴᠡᠷᠢᠭ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠂ ᠲᠥᠪ ᠤᠨ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠴᠠᠭ ᠢᠮᠠᠭᠲᠠ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢᠶᠠᠨ ᠪᠠᠲᠤᠯᠠᠵᠤ ᠂ ᠨᠢᠭᠡᠳᠦᠯᠲᠡᠢ ᠲᠣᠬᠢᠷᠠᠭᠤᠯᠭ᠎ᠠ ᠶᠢ ᠰᠣᠨᠣᠰᠴᠤ ᠂ ᠲᠦᠷᠭᠡᠨ ᠬᠥᠳᠡᠯᠦᠯᠴᠡᠵᠦ ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠶᠢ ᠪᠠᠲᠤᠯᠠᠬᠤ ᠬᠡᠷᠡᠭᠲᠡᠢ ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠵᠤ ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠲᠣᠬᠢᠷᠠᠭᠤᠯᠤᠨ ᠲᠡᠭᠡᠭᠡᠪᠦᠷᠢᠯᠡᠵᠦ ᠂ ᠳᠠᠭᠠᠳᠬᠠᠯ ᠤᠨ ᠲᠥᠯᠥᠪᠦᠷᠢ ᠥᠭᠬᠦ ᠶᠢ ᠲᠦᠷᠭᠡᠳᠬᠡᠨ ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠢ ᠲᠥᠪᠬᠢᠨᠡᠭᠦᠯᠵᠦ ᠂ ᠣᠯᠠᠨ ᠲᠦᠮᠡᠨ ᠤ ᠡᠮᠨᠡᠭᠦᠯᠭᠦ ᠂ ᠰᠤᠷᠤᠬᠴᠢᠳ ᠤᠨ ᠰᠤᠷᠭᠠᠭᠤᠯᠢ ᠡᠬᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠃ ᠤᠰᠤᠨ ᠠᠰᠢᠭᠯᠠᠯᠲᠠ ᠂ ᠴᠠᠭᠢᠯᠭᠠᠨ ᠬᠦᠴᠦᠨ ᠂ ᠵᠠᠮ ᠬᠠᠷᠢᠯᠴᠠᠭ᠎ᠠ ᠂ ᠴᠢᠮᠡᠭᠡ ᠬᠤᠯᠪᠤᠭ᠎ᠠ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠨ ᠰᠡᠯᠪᠢᠨ ᠵᠠᠰᠠᠵᠤ ᠂ ᠭᠠᠮᠰᠢᠭᠳᠠᠭᠰᠠᠨ ᠤᠯᠠᠨ ᠲᠦᠮᠡᠨ ᠢ ᠵᠣᠬᠢᠶᠠᠨ ᠪᠠᠶᠢᠭᠤᠯᠤᠨ ᠳᠠᠭᠠᠭᠤᠯᠵᠤ ᠦᠢᠯᠡᠳᠪᠦᠷᠢᠯᠡᠯ ᠢ ᠨᠢ ᠰᠡᠷᠭᠦᠭᠡᠵᠦ ᠂ ᠭᠡᠷ ᠣᠷᠣᠨ ᠢ ᠨᠢ ᠲᠠᠭᠢᠨ ᠪᠠᠶᠢᠭᠤᠯᠬᠤ ᠬᠡᠷᠡᠭᠲᠡᠢ ᠃ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠬᠠᠪᠰᠤᠷᠴᠤ ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠭᠡᠮ ᠰᠣᠭᠤᠭ ᠲᠠᠢ ᠤᠰᠤᠨ ᠴᠥᠭᠦᠷᠥᠮ ᠂ ᠳᠤᠮᠳᠠ ᠪᠠᠭ᠎ᠠ ᠭᠤᠣᠯ ᠮᠥᠷᠡᠨ ᠤ ᠬᠠᠰᠢᠯᠭ᠎ᠠ ᠳᠠᠯᠠᠩ ᠂ ᠦᠶᠡᠷ ᠢ ᠲᠣᠭᠲᠠᠭᠠᠬᠤ ᠣᠷᠣᠨ ᠵᠡᠷᠭᠡ ᠦᠶᠡᠷ ᠢ ᠰᠡᠷᠭᠡᠶᠢᠯᠡᠬᠦ ᠢᠨᠵᠧᠨᠧᠷᠢᠩ ᠪᠣᠯᠣᠨ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠳᠤᠲᠠᠭᠤᠳᠠᠯ ᠢ ᠨᠥᠬᠦᠪᠦᠷᠢᠯᠡᠵᠦ ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠣᠯᠣᠨ ᠬᠦᠴᠦᠨ ᠢ ᠴᠢᠩᠭᠠᠳᠬᠠᠵᠤ ᠂ ᠪᠦᠭᠦ ᠨᠡᠶᠢᠭᠡᠮ ᠤᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠠᠵᠠᠷ ᠣᠷᠣᠨ ᠤ ᠪᠠᠨ ᠬᠥᠭᠵᠢᠯᠲᠡ ᠶᠢ ᠠᠬᠢᠭᠤᠯᠬᠤ ᠂ ᠭᠠᠵᠠᠷ ᠣᠷᠣᠨ ᠤ  ᠪᠠᠨ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠨ ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠤᠰᠢᠭᠤᠴᠢᠯᠠᠨ ᠵᠢᠯᠤᠭᠤᠳᠴᠤ ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠲᠠ ᠬᠠᠮᠵᠢᠯᠴᠠᠵᠤ ᠂ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠠᠶᠢᠴᠢᠨ ᠪᠠᠬᠢᠯᠡᠯᠲᠡ ᠪᠣᠯᠣᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠂ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠵᠦ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃  ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ